ᠰᠢᠨ᠎ᠡ ᠪᠠᠷᠭᠤ ᠵᠡᠭᠦᠨ ᠬᠤᠰᠢᠭᠤ ᠡᠬᠡ ᠬᠠᠭᠤᠷᠠᠢ ᠶᠢᠨ ᠭᠠᠷᠠᠮ ᠤᠨ ᠪᠦᠯᠦᠭᠯᠡᠯ ᠢ ᠵᠣᠬᠢᠶᠠᠨ ᠪᠠᠶᠢᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/24
          3 ᠰᠠᠷ᠎ᠠ ᠶᠢᠨ 21᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠵᠠᠩ ᠮᠢᠩ ᠡᠬᠡ ᠬᠠᠭᠤᠷᠠᠢ ᠶᠢᠨ ᠭᠠᠷᠠᠮ ᠤᠨ ᠪᠦᠯᠦᠭᠯᠡᠯ ᠢ ᠵᠣᠬᠢᠶᠠᠨ ᠪᠠᠶᠢᠭᠤᠯᠬᠤ ᠠᠵᠢᠯ ᠢ ᠲᠣᠬᠢᠷᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
20250324-1-1.jpg
          ᠬᠤᠷᠠᠯ ᠳᠡᠭᠡᠷ᠎ᠡ᠂ ᠵᠠᠩ ᠮᠢᠩ ᠣᠶᠢᠷ᠎ᠠ ᠶᠢᠨ ᠬᠤᠭᠤᠴᠠᠭᠠᠨ ᠤ ᠵᠣᠬᠢᠶᠠᠨ ᠪᠠᠶᠢᠭᠤᠯᠬᠤ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠱᠠᠲᠤᠨ ᠤ ᠠᠵᠢᠯ ᠳᠤ ᠱᠠᠭᠠᠷᠳᠠᠯᠭ᠎ᠠ ᠳᠤᠷᠠᠳᠪᠠ᠃          ᠵᠠᠩ ᠮᠢᠩ ᠴᠢᠬᠤᠯᠠᠴᠢᠯᠠᠭᠰᠠᠨ ᠨᠢ᠂ ᠨᠢᠭᠡ ᠳᠤ ᠠᠷᠭ᠎ᠠ ᠰᠦᠪᠡᠭᠴᠢᠯᠡᠬᠦ ᠡᠬᠢᠯᠡᠯᠲᠡ ᠶᠢᠨ ᠴᠡᠭ ᠢᠶᠠᠨ ᠥᠨᠳᠥᠷ ᠪᠠᠶᠢᠯᠭᠠᠬᠤ ᠬᠡᠷᠡᠭᠲᠡᠢ᠃ ᠡᠬᠡ ᠬᠠᠭᠤᠷᠠᠢ ᠶᠢᠨ ᠭᠠᠷᠠᠮ ᠤᠨ ᠪᠦᠯᠦᠭᠯᠡᠯ ᠢ ᠵᠣᠬᠢᠶᠠᠨ ᠪᠠᠶᠢᠭᠤᠯᠬᠤ ᠡᠯ᠎ᠡ ᠵᠦᠢᠯ ᠤᠨ ᠠᠵᠢᠯ ᠢ ᠲᠣᠳᠣᠷᠬᠠᠢ ᠡᠮᠬᠢᠯᠡᠵᠦ᠂ ᠠᠵᠢᠯ ᠤᠨ ᠲᠤᠰᠬᠠᠢ ᠠᠩᠭᠢ᠂ ᠵᠣᠬᠢᠶᠠᠨ ᠪᠠᠶᠢᠭᠤᠯᠤᠯᠲᠠ ᠶᠢᠨ ᠪᠦᠲᠦᠴᠡ᠂ ᠬᠡᠷᠡᠭᠵᠢᠭᠦᠯᠬᠦ ᠠᠯᠬᠤᠮ ᠳᠠᠷᠠᠭ᠎ᠠ ᠵᠡᠷᠭᠡ ᠪᠣᠳᠠᠲᠠᠢ ᠠᠭᠤᠯᠭ᠎ᠠ ᠶᠢ ᠲᠣᠳᠣᠷᠬᠠᠶᠢᠯᠠᠵᠤ᠂ ᠬᠠᠮᠢᠶ᠎ᠠ ᠪᠦᠬᠦᠢ ᠠᠵᠢᠯ ᠤᠨ ᠠᠷᠭ᠎ᠠ ᠬᠡᠮᠵᠢᠶ᠎ᠡ ᠪᠣᠯᠣᠨ ᠪᠡᠶᠡᠯᠡᠭᠦᠯᠬᠦ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠬᠤ ᠬᠡᠷᠡᠭᠲᠡᠢ᠃ ᠬᠤᠶᠠᠷ ᠲᠤ ᠥᠨᠳᠥᠷ ᠪᠠᠷᠢᠮᠵᠢᠶ᠎ᠠ ᠪᠠᠷ ᠠᠬᠢᠭᠤᠯᠬᠤ ᠬᠡᠷᠡᠭᠲᠡᠢ᠃ ᠴᠠᠭ ᠬᠤᠭᠤᠴᠠᠭᠠᠨ ᠤ ᠱᠠᠭᠠᠷᠳᠠᠯᠭ᠎ᠠ ᠶᠣᠰᠣᠭᠠᠷ᠂ ᠵᠢᠷᠤᠭ ᠡᠯᠭᠦᠨ ᠪᠠᠶᠢᠯᠳᠤᠭᠠᠨ ᠬᠢᠵᠦ᠂ ᠲᠣᠭᠲᠠᠭᠰᠠᠨ ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠬᠢᠵᠦ᠂ ᠡᠬᠡ ᠬᠠᠭᠤᠷᠠᠢ ᠶᠢᠨ ᠭᠠᠷᠠᠮ ᠤᠨ ᠪᠦᠯᠦᠭᠯᠡᠯ ᠢ ᠵᠣᠬᠢᠶᠠᠨ ᠪᠠᠶᠢᠭᠤᠯᠬᠤ ᠠᠵᠢᠯ ᠤᠨ ᠠᠬᠢᠴᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠨ᠎ᠡ᠃ ᠭᠤᠷᠪᠠ ᠳᠤ ᠥᠨᠳᠥᠷ ᠦᠷ᠎ᠡ ᠪᠦᠲᠦᠮᠵᠢ ᠲᠠᠢ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠭᠠᠵᠠᠷ ᠣᠷᠣᠨ ᠤ ᠬᠥᠭᠵᠢᠯᠲᠡ ᠶᠢᠨ ᠪᠣᠳᠠᠲᠠᠢ ᠲᠠᠢ ᠤᠶᠠᠯᠳᠤᠭᠤᠯᠤᠨ᠂ ᠵᠠᠬ᠎ᠠ ᠳᠡᠯᠭᠡᠭᠦᠷᠴᠢᠯᠡᠬᠦ ᠵᠠᠷᠴᠢᠮ ᠢ ᠪᠠᠷᠢᠮᠲᠠᠯᠠᠵᠤ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠲᠣᠰ ᠪᠡᠶ᠎ᠡ ᠶᠢᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠣᠭᠤᠮᠲᠠ ᠶᠢᠨ ᠠᠵᠤ ᠠᠬᠤᠢ ᠶᠢᠨ ᠪᠤᠵᠠᠭᠠᠶᠢᠷᠠᠨ ᠬᠦᠴᠦᠷᠬᠡᠭᠵᠢᠬᠦ ᠳᠤ ᠬᠦᠴᠦᠨ ᠨᠡᠮᠡᠷᠢᠯᠡᠨ᠎ᠡ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ