ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠵᠤ᠂ ᠨᠢᠭᠡᠨ ᠭᠤᠣᠯ ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠤᠮᠠᠷᠠᠲᠤ ᠬᠢᠯᠢ ᠶᠢᠨ ᠰᠣᠶᠣᠯ︾ | ᠤᠨ ᠨᠡᠷᠡᠲᠦ ᠲᠡᠮᠳᠡᠭ ᠢ ᠪᠤᠶ ᠪᠣᠯᠭᠠᠬᠤ ᠶᠢ ᠢᠳᠡᠪᠬᠢᠲᠡᠢ ᠪᠠᠷ ᠴᠤᠤᠷᠢᠶᠠᠲᠤᠨ ᠳᠠᠭᠠᠬᠤ ᠶᠢᠨ ᠲᠥᠯᠥᠭᠡ᠂ 3 ᠰᠠᠷ᠎ᠠ ᠶᠢᠨ 21 ᠤ ᠡᠳᠦᠷ ᠰᠢᠨ᠎ᠡ ᠪᠠᠷᠭᠤ | ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠭᠤᠯᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ︽ᠤᠮᠠᠷᠠᠲᠤ ᠬᠢᠯᠢ ᠶᠢᠨ ᠰᠣᠶᠣᠯ︾ ᠤᠨ | ᠲᠤᠬᠠᠢ ᠤᠬᠠᠭᠤᠯᠤᠨ ᠲᠠᠶᠢᠯᠪᠤᠷᠢᠯᠠᠬᠤ ᠬᠢᠴᠢᠶᠡᠯ ᠥᠷᠨᠢᠭᠦᠯᠪᠡ᠃ | ᠬᠤᠷᠠᠯ ᠳᠡᠭᠡᠷ᠎ᠡ᠂ ᠬᠤᠰᠢᠭᠤᠨ ᠤ ᠵᠠᠰᠠᠭ ᠤᠨ ᠣᠷᠳᠣᠨ ᠤ ᠪᠠᠶᠢᠭᠤᠯᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠳ︽ᠤᠮᠠᠷᠠᠲᠤ | ᠬᠢᠯᠢ ᠶᠢᠨ ᠰᠣᠶᠣᠯ︾ ᠤᠨ ᠠᠭᠤᠯᠤᠭᠳᠠᠬᠤᠨ᠂ ᠭᠤᠣᠯ ᠲᠥᠷᠥᠯ ᠬᠡᠯᠪᠡᠷᠢ ᠪᠠ ᠦᠨᠳᠦᠰᠦᠨ ᠣᠨᠴᠠᠯᠢᠭ᠂ ᠴᠠᠭ ᠦᠶ᠎ᠡ ᠶᠢᠨ ᠦᠨ᠎ᠡ ᠥᠷᠲᠡᠭ᠂ ᠭᠤᠣᠯᠯᠠᠬᠤ | ᠣᠶᠢᠯᠠᠭᠠᠭᠳᠠᠬᠤᠨ ᠵᠡᠷᠭᠡ ᠳᠥᠷᠪᠡᠨ ᠲᠠᠯ᠎ᠠ ᠪᠠᠷ ᠭᠦᠨᠵᠡᠭᠡᠢ ᠲᠠᠶᠢᠯᠤᠮᠵᠢ ᠬᠢᠵᠡᠢ᠃ | | | | ᠨᠢᠭᠡ ᠳᠤ᠂ ᠣᠷᠣᠨ ᠪᠦᠰᠡ ᠶᠢᠨ ᠣᠨᠴᠠᠯᠢᠭ ᠲᠤ ᠰᠠᠭᠤᠷᠢᠯᠠᠵᠤ᠂ ᠲᠤᠰ ᠭᠠᠵᠠᠷ ᠤᠨ ᠠᠷᠠᠳ ᠤᠨ ᠵᠠᠩ ᠦᠢᠯᠡ ᠲᠠᠢ ᠭᠦᠨᠵᠡᠭᠡᠢ ᠤᠶᠠᠯᠳᠤᠭᠤᠯᠤᠨ᠎ᠠ᠃ | ︽ᠤᠮᠠᠷᠠᠲᠤ ᠬᠢᠯᠢ ᠶᠢᠨ ᠰᠣᠶᠣᠯ︾ ᠤᠨ ᠭᠦᠨ ᠭᠦᠨᠵᠡᠭᠡᠢ ᠠᠭᠤᠯᠤᠭᠳᠠᠬᠤᠨ ᠢ ᠲᠣᠳᠣᠷᠬᠠᠶᠢᠯᠠᠨ ᠥᠭᠦᠯᠡᠵᠦ᠂ ︽ᠤᠮᠠᠷᠠᠲᠤ ᠬᠢᠯᠢ ᠶᠢᠨ ᠰᠣᠶᠣᠯ︾ ᠪᠣᠯ ᠤᠯᠠᠨ | ᠲᠦᠷᠦᠯ ᠤᠨ ᠰᠣᠶᠣᠯ ᠤᠨ ᠬᠡᠯᠪᠡᠷᠢ ᠶᠢ ᠲᠥᠪᠯᠡᠷᠡᠭᠦᠯᠦᠭᠰᠡᠨ ᠥᠪᠥᠷ ᠮᠣᠩᠭᠤᠯ ᠤᠨ ᠡᠯ᠎ᠡ ᠵᠦᠢᠯ ᠤᠨ ᠰᠢᠯᠢᠳᠡᠭ ᠰᠣᠶᠣᠯ ᠪᠣᠯᠬᠤ ᠶᠢ ᠲᠣᠭᠠᠴᠢᠨ ᠥᠭᠦᠯᠡᠪᠡ᠃ | ᠬᠤᠶᠠᠷ ᠲᠤ᠂ ︽ᠤᠬᠠᠭᠤᠯᠤᠨ ᠲᠠᠶᠢᠯᠪᠤᠷᠢᠯᠠᠬᠤ+ ᠦᠯᠢᠭᠡᠷ︾ ᠤᠨ ᠬᠡᠯᠪᠡᠷᠢ ᠪᠠᠷ ᠬᠤᠪᠢᠰᠬᠠᠯ ᠤᠨ ᠦᠯᠢᠭᠡᠷ ᠢ ᠶᠠᠷᠢᠵᠤ᠂ ᠬᠤᠪᠢᠰᠬᠠᠯ ᠤᠨ ᠰᠣᠶᠣᠯ ᠢ ᠤᠯᠠᠮᠵᠢᠯᠠᠪᠠ᠃ | ᠡᠭᠦᠨ ᠤ ᠵᠡᠷᠭᠡ ᠳᠤ ᠨᠠᠮ ᠤᠨ ᠭᠡᠰᠢᠭᠦᠳ ᠤᠨ ︽ᠵᠢᠷᠭᠤᠭᠠᠨ ᠥᠭᠦᠯᠡᠪᠦᠷᠢ ᠶᠢᠨ ᠪᠣᠳᠠᠲᠤ ᠬᠡᠷᠡᠭ ᠪᠠ ᠶᠣᠰᠣ ᠤᠴᠢᠷ︾ ᠢ ᠪᠠᠲᠤ ᠴᠡᠭᠡᠵᠢᠯᠡᠵᠦ᠂ ᠨᠠᠮ ᠤᠨ ᠠᠴᠢ | ᠲᠤᠰᠠ ᠶᠢ ᠦᠨᠡᠨ ᠰᠡᠳᠬᠢᠯ ᠠᠴᠠ ᠪᠠᠨ ᠣᠶᠢᠯᠠᠭᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠶᠢ ᠨᠢ ᠬᠥᠮᠥᠵᠢᠭᠦᠯᠦᠨ ᠵᠢᠯᠣᠭᠤᠳᠴᠠᠢ᠃ | ᠭᠤᠷᠪᠠ ᠳᠤ᠂︽ᠤᠮᠠᠷᠠᠲᠤ ᠬᠢᠯᠢ ᠶᠢᠨ ᠰᠣᠶᠣᠯ︾ ᠤᠨ ᠴᠠᠭ ᠦᠶ᠎ᠡ ᠶᠢᠨ ᠦᠨ᠎ᠡ ᠦᠷᠳᠡᠭ ᠢ ᠲᠣᠳᠣᠷᠬᠠᠶᠢᠯᠠᠨ ᠥᠭᠦᠯᠡᠵᠦ᠂︽ᠤᠮᠠᠷᠠᠲᠤ ᠬᠢᠯᠢ ᠶᠢᠨ ᠰᠣᠶᠣᠯ︾ ᠢ | ᠤᠯᠠᠮᠵᠢᠯᠠᠨ ᠵᠠᠯᠭᠠᠮᠵᠢᠯᠠᠬᠤ ᠴᠠᠭ ᠦᠶ᠎ᠡ ᠶᠢᠨ ᠱᠠᠭᠠᠷᠳᠠᠯᠭ᠎ᠠ ᠶᠢ ᠲᠣᠭᠠᠴᠢᠨ ᠶᠠᠷᠢᠵᠤ᠂ ᠨᠠᠮ ᠤᠨ ᠭᠡᠰᠢᠭᠦᠳ ᠢ ᠬᠥᠲᠥᠯᠥᠨ ᠵᠢᠯᠤᠭᠤᠳᠴᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠦᠵᠡᠯ ᠰᠠᠨᠠᠭᠠᠨ ᠤ ᠰᠠᠭᠤᠷᠢ ᠶᠢ ᠲᠠᠰᠤᠷᠠᠯᠳᠡ ᠦᠭᠡᠢ ᠪᠠᠲᠤᠳᠬᠠᠪᠠ᠃ ᠳᠥᠷᠪᠡ ᠳᠤ᠂ | ︽ᠤᠮᠠᠷᠠᠲᠤ ᠬᠢᠯᠢ ᠶᠢᠨ ᠰᠣᠶᠣᠯ︾ ᠤᠨ ᠭᠤᠣᠯᠯᠠᠬᠤ ᠣᠶᠢᠯᠠᠭᠠᠭᠳᠠᠬᠤᠨ ᠢ ᠭᠦᠨᠵᠡᠭᠡᠶᠢᠷᠡᠭᠦᠯᠵᠦ᠂ ︽ᠤᠯᠤᠰ ᠢᠶᠠᠨ ᠬᠠᠶᠢᠷᠠᠯᠠᠬᠤ᠂ ᠦᠨᠡᠨᠴᠢ ᠰᠢᠳᠤᠷᠭᠤ ᠪᠠᠶᠢᠬᠤ᠂ | ᠪᠦᠯᠬᠦᠮᠳᠡᠯ ᠲᠠᠢ ᠪᠠᠶᠢᠬᠤ᠂ ᠬᠠᠷᠢᠭᠤᠴᠠᠯᠭ᠎ᠠ ᠡᠭᠦᠷᠭᠡᠯᠡᠬᠦ︾ ᠪᠣᠯ ︽ᠤᠮᠠᠷᠠᠲᠤ ᠬᠢᠯᠢ ᠶᠢᠨ ᠰᠣᠶᠣᠯ︾ ᠤᠨ ᠪᠦᠷᠢᠯᠳᠦᠨ ᠬᠥᠭᠵᠢᠬᠦ᠂ ᠥᠪᠡᠷᠮᠢᠴᠡ ᠷᠢᠳᠢ ᠰᠢᠳᠢ ᠶᠢ | ᠢᠯᠡᠷᠡᠭᠦᠯᠬᠦ᠂ ᠨᠥᠯᠥᠭᠡ ᠶᠢ ᠥᠷᠭᠡᠳᠬᠡᠬᠦ ᠶᠢᠨ ᠳᠣᠲᠣᠭᠠᠳᠤ ᠬᠥᠳᠡᠯᠭᠡᠬᠦ ᠬᠦᠴᠦᠨ ᠮᠥᠨ ᠭᠡᠵᠦ ᠴᠢᠬᠤᠯᠠᠴᠢᠯᠠᠪᠠ᠃ | | | | ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠬᠤᠷᠠᠯ ᠢᠯᠡᠳᠲᠡ ᠦᠷ᠎ᠡ ᠪᠦᠲᠦᠮᠵᠢ ᠣᠯᠵᠤ᠂ ᠨᠠᠮ ᠤᠨ ᠭᠡᠰᠢᠭᠦᠨ ᠺᠠᠳ᠋ᠷᠴᠤᠳ ᠲᠤ | ︽ᠤᠮᠠᠷᠠᠲᠤ ᠬᠢᠯᠢ ᠶᠢᠨ ᠰᠣᠶᠣᠯ︾ ᠤᠨ ᠥᠪᠡᠷᠮᠢᠴᠡ ᠷᠢᠳᠢ ᠰᠢᠳᠢ ᠶᠢ ᠤᠯᠠᠮ ᠨᠢᠭᠡ ᠠᠯᠬᠤᠮ ᠭᠦᠨᠵᠡᠭᠡᠢ ᠲᠠᠨᠢᠭᠤᠯᠵᠤ᠂ ︽ᠤᠮᠠᠷᠠᠲᠤ ᠬᠢᠯᠢ ᠶᠢᠨ ᠰᠣᠶᠣᠯ︾ ᠪᠣᠯ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠴᠢᠬᠤᠯᠠ ᠠᠴᠢᠶᠠᠯᠠᠪᠤᠷᠢ ᠪᠣᠯᠬᠤ ᠣᠶᠢᠯᠠᠭᠠᠭᠳᠠᠬᠤᠨ ᠢ | ᠬᠥᠮᠥᠰ ᠤᠨ ᠰᠡᠳᠬᠢᠯ ᠳᠤ ᠬᠠᠳᠠᠩᠰᠢᠭᠤᠯᠵᠠᠢ᠃ | | |