︽ᠣᠷᠣᠯᠠᠨ ᠰᠠᠭᠤᠯᠭᠠᠨ ᠠᠪᠬᠤ ᠣᠷᠣᠯᠠᠨ ᠬᠤᠷᠢᠶᠠᠬᠤ ᠣᠷᠣᠯᠠᠨ ᠲᠠᠲᠠᠪᠤᠷᠢᠯᠠᠬᠤ ᠭᠠᠶᠢᠯᠢ ᠶᠢᠨ ᠵᠣᠭᠤᠰ ᠤᠨ ᠭᠠᠷᠳᠠᠮ ᠤᠨ ᠰᠦᠢᠳᠬᠡᠯ ᠤᠨ | ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠡᠳ᠋ ᠤᠨ ᠵᠠᠰᠠᠭ ᠤᠨ ᠶᠠᠮᠤᠨ | ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠮᠡᠳᠡᠭᠳᠡᠯ︾ ︵ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠡᠳ᠋ ᠤᠨ ᠶᠠᠪᠤᠳᠠᠯ ᠶᠠᠮᠤᠨ ᠲᠠᠷᠬᠠᠭᠠᠭᠰᠠᠨ ﹇ | 2023﹈ 48 ᠳ᠋ᠤᠭᠠᠷ ᠲᠣᠭᠠᠲᠤ︶ ᠤᠨ ᠲᠣᠭᠲᠠᠭᠠᠯ ᠢ ᠦᠨᠳᠦᠰᠦᠯᠡᠪᠡᠯ᠂ ᠣᠷᠣᠯᠠᠨ ᠰᠠᠭᠤᠯᠭᠠᠨ ᠠᠪᠴᠤ᠂ ᠣᠷᠣᠯᠠᠨ ᠬᠤᠷᠢᠶᠠᠨ ᠠᠪᠴᠤ ᠰᠠᠭᠤᠯᠭᠠᠨ ᠠᠪᠴᠤ | ᠲᠤᠰᠢᠶᠠᠬᠤ ᠡᠭᠦᠷᠭᠡᠳᠡᠨ ᠪᠠ ᠣᠷᠣᠯᠠᠨ ᠲᠠᠲᠠᠪᠤᠷᠢᠯᠠᠭᠴᠢ ᠨᠢ ᠵᠢᠯ ᠪᠦᠷᠢ ᠶᠢᠨ 3 ᠰᠠᠷ᠎ᠠ ᠶᠢᠨ 31 ᠤ ᠡᠳᠦᠷ ᠠᠴᠠ ᠡᠮᠦᠨ᠎ᠡ᠂ ᠭᠠᠶᠢᠯᠢ ᠶᠢᠨ ᠶᠠᠪᠤᠳᠠᠯ ᠤᠨ | ᠪᠠᠶᠢᠭᠤᠯᠭ᠎ᠠ ᠳᠤ ᠲᠦᠷᠦᠬᠦᠤ ᠵᠢᠯ ᠤᠨ ︽ᠭᠤᠷᠪᠠᠨ ᠦᠶ᠎ᠡ︾ ᠶᠢᠨ ᠭᠠᠶᠢᠯᠢ ᠶᠢᠨ ᠵᠣᠭᠤᠰ ᠤᠨ ᠭᠠᠷ ᠭᠦᠢᠴᠡᠳᠬᠡᠯ ᠤᠨ ᠰᠦᠢᠳᠬᠡᠯ ᠭᠤᠶᠤᠴᠢᠯᠠᠬᠤ ᠬᠤᠯᠪᠣᠭᠳᠠᠯ | ᠪᠦᠬᠦᠢ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠢ᠂ ︽ᠭᠤᠷᠪᠠᠨ ᠦᠶ᠎ᠡ︾ ᠶᠢᠨ ᠨᠢᠭᠡᠴᠡ ᠪᠤᠶᠤ ᠬᠤᠪᠢ ᠬᠥᠮᠥᠨ ᠤ ᠲᠤᠰ ᠪᠡᠶ᠎ᠡ ᠶᠢᠨ ᠰᠢᠯᠲᠠᠭᠠᠨ ᠠᠴᠠ ᠪᠣᠯᠵᠤ | ᠭᠤᠶᠤᠴᠢᠯᠠᠯ ᠢᠶᠠᠨ ᠴᠠᠭ ᠲᠤᠬᠠᠢ ᠳᠤᠨᠢ ᠲᠤᠰᠢᠶᠠᠭᠰᠠᠨ ᠦᠭᠡᠢ ᠪᠤᠯ᠂ ᠲᠦᠷᠦᠬᠦᠤ ᠵᠢᠯ ᠤᠨ ︽ᠭᠤᠷᠪᠠᠨ ᠦᠶ᠎ᠡ︾ ᠶᠢᠨ ᠭᠠᠶᠢᠯᠢ ᠶᠢᠨ ᠵᠣᠭᠤᠰ ᠤᠨ ᠭᠠᠷ | ᠭᠦᠢᠴᠡᠳᠬᠡᠯ ᠤᠨ ᠰᠦᠢᠳᠬᠡᠯ ᠢ ᠰᠠᠨᠠᠭᠠᠴᠢᠯᠠᠭ᠎ᠠ ᠠᠴᠠ ᠪᠠᠨ ᠲᠠᠶᠠᠭᠳᠠᠭᠰᠠᠨ ᠢᠶᠠᠷ ᠦᠵᠡᠨ᠎ᠡ᠃ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠬᠠᠤᠯᠢ︾ ᠶᠢᠨ ᠠᠷᠪᠠᠨ | ᠳᠣᠯᠣᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ᠰᠠᠭᠤᠯᠭᠠᠨ ᠠᠪᠴᠤ ᠲᠤᠰᠢᠶᠠᠬᠤ ᠡᠭᠦᠷᠭᠡᠲᠦ ᠬᠥᠮᠥᠨ ᠳᠤ ᠰᠠᠭᠤᠯᠭᠠᠨ ᠠᠪᠴᠤ ᠲᠤᠰᠢᠶᠠᠭᠰᠠᠨ | ᠭᠠᠶᠢᠯᠢ ᠶᠢᠨ ᠵᠣᠭᠤᠰ ᠤᠨ ᠬᠢᠨᠢ ᠵᠠᠭᠤᠨ ᠤ ᠬᠤᠶᠠᠷ ᠤᠨ ᠭᠠᠷ ᠭᠦᠢᠴᠡᠳᠬᠡᠯ ᠤᠨ ᠰᠦᠢᠳᠬᠡᠯ ᠢ ᠥᠭᠭᠦᠨ᠎ᠡ᠃ | 2025 ᠣᠨ ᠤ 1 ᠰᠠᠷ᠎ᠠ ᠶᠢᠨ 1 ᠤ ᠡᠳᠦᠷ ᠠᠴᠠ 3 ᠰᠠᠷ᠎ᠠ ᠶᠢᠨ 31 ᠤ ᠡᠳᠦᠷ ᠪᠣᠯᠲᠠᠯ᠎ᠠ᠂ ᠰᠠᠭᠤᠯᠭᠠᠨ ᠠᠪᠴᠤ ᠲᠤᠰᠢᠶᠠᠭᠰᠠᠨ ᠨᠢᠭᠡᠴᠡ ᠶᠢᠨ | ᠡᠳ᠋ ᠤᠨ ᠶᠠᠪᠤᠳᠠᠯ ᠤᠨ ᠠᠵᠢᠯᠲᠠᠨ ᠨᠢ ᠬᠤᠪᠢ ᠬᠥᠮᠥᠨ ᠤ ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ ︵ᠰᠠᠭᠤᠯᠭᠠᠨ ᠠᠪᠴᠤ ᠲᠤᠰᠢᠶᠠᠬᠤ ᠦᠵᠦᠭᠦᠷ︶ | ᠶᠢᠨ ︽ᠪᠤᠴᠠᠭᠠᠨ ᠲᠤᠰᠢᠶᠠᠬᠤ ᠭᠠᠷ ᠭᠦᠢᠴᠡᠳᠬᠡᠯ ᠤᠨ ᠰᠦᠢᠳᠬᠡᠯ ᠢ ᠬᠠᠷᠭᠤᠭᠤᠯᠬᠤ︾ ᠵᠠᠭᠪᠤᠷ ᠢᠶᠠᠷ ᠳᠠᠮᠵᠢᠭᠤᠯᠤᠨ 2024 ᠣᠨ ᠤ ᠬᠤᠪᠢ ᠬᠥᠮᠥᠨ ᠤ ᠠᠰᠢᠭ | ᠣᠷᠣᠯᠭ᠎ᠠ ᠶᠢᠨ ᠭᠠᠶᠢᠯᠢ ᠶᠢᠨ ᠰᠠᠭᠤᠯᠭᠠᠨ ᠲᠤᠰᠢᠶᠠᠭᠰᠠᠨ ᠭᠠᠷ ᠭᠦᠢᠴᠡᠳᠬᠡᠯ ᠤᠨ ᠰᠦᠢᠳᠬᠡᠯ ᠢ ᠪᠤᠴᠠᠭᠠᠨ ᠦᠭᠬᠦ ᠪᠠᠷ ᠭᠤᠶᠤᠴᠢᠯᠠᠵᠤ ᠪᠣᠯᠣᠨ᠎ᠠ᠃ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠬᠠᠤᠯᠢ︾ ᠶᠢᠨ ᠲᠣᠭᠲᠠᠭᠠᠯ ᠢ | ᠦᠨᠳᠦᠰᠦᠯᠡᠪᠡᠯ᠂ ᠭᠠᠶᠢᠯᠢ ᠲᠤᠰᠢᠶᠠᠭᠴᠢ ᠨᠢ ᠡᠵᠡᠩᠨᠡᠯᠲᠡ ᠶᠢᠨ ᠠᠰᠢᠭ ᠣᠷᠣᠯᠭ᠎ᠠ ᠶᠢ ᠣᠯᠣᠭᠰᠠᠨ ᠪᠠᠶᠢᠪᠠᠯ᠂ ᠬᠤᠪᠢ ᠬᠥᠮᠥᠨ ᠤ ᠠᠰᠢᠭ ᠣᠷᠣᠯᠭ᠎ᠠ ᠶᠢᠨ | ᠭᠠᠶᠢᠯᠢ ᠶᠢ ᠵᠢᠯ ᠢᠶᠠᠷ ᠪᠤᠳᠤᠵᠤ᠂ ᠣᠯᠣᠭᠰᠠᠨ ᠠᠰᠢᠭ ᠣᠷᠣᠯᠭ᠎ᠠ ᠶᠢᠨ ᠲᠠᠷᠠᠭ᠎ᠠ ᠵᠢᠯ ᠤᠨ ᠬᠢᠨᠢ 3 ᠰᠠᠷ᠎ᠠ ᠶᠢᠨ 31 ᠤ ᠡᠳᠦᠷ ᠠᠴᠠ ᠡᠮᠦᠨ᠎ᠡ ᠬᠤᠷᠢᠶᠠᠩᠭᠤᠶᠢᠯᠠᠨ | ᠪᠤᠳᠤᠵᠤ ᠢᠯᠭᠠᠷᠠᠭᠤᠯᠤᠨ ᠲᠤᠰᠢᠶᠠᠯᠭᠠᠨ᠎ᠠ᠃ ᠲᠤᠬᠠᠶᠢᠯᠠᠪᠠᠯ 2024 ᠣᠨ ᠤ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠡᠵᠡᠩᠨᠡᠯᠲᠡ ᠶᠢᠨ ᠠᠰᠢᠭ | ᠣᠷᠣᠯᠭ᠎ᠠ ᠶᠢ ᠨᠡᠶᠢᠯᠡᠭᠦᠯᠦᠨ ᠪᠤᠳᠤᠵᠤ ᠢᠯᠭᠠᠷᠠᠭᠤᠯᠤᠨ ᠲᠤᠰᠢᠶᠠᠬᠤ ᠬᠤᠭᠤᠴᠠᠭ᠎ᠠ ᠨᠢ 2025 ᠣᠨ ᠤ 1 ᠰᠠᠷ᠎ᠠ ᠶᠢᠨ 1 ᠤ ᠡᠳᠦᠷ ᠠᠴᠠ 2025 ᠣᠨ ᠤ 3 | ᠰᠠᠷ᠎ᠠ ᠶᠢᠨ 31 ᠤ ᠡᠳᠦᠷ ᠪᠣᠯᠣᠨ᠎ᠠ᠃ ᠲᠤᠰᠢᠶᠠᠬᠤ ᠬᠤᠭᠤᠴᠠᠭ᠎ᠠ ᠲᠤᠯᠬᠤ 7 ᠡᠳᠦᠷ ᠦᠯᠡᠳᠡᠵᠦ ᠪᠠᠶᠢᠬᠤ ᠳᠤ ᠮᠦᠨ ᠯᠡ ᠮᠡᠳᠡᠭᠦᠯᠦᠯᠲᠡ ᠪᠠᠨ ᠳᠠᠭᠤᠰᠬᠠᠭᠠᠳᠤᠢ | ᠪᠣᠯ ᠴᠠᠭ ᠢ ᠵᠠᠪᠳᠤᠭᠠᠷᠠᠢ᠃ |