ᠤᠯᠠᠨ ᠢᠶᠠᠷ ᠢᠶᠠᠨ ᠮᠡᠳᠡᠵᠦ ᠠᠪᠤᠭᠠᠷᠠᠢ ︕  ᠳᠠᠷᠠᠭ᠎ᠠ ᠭᠠᠷᠠᠭ ᠤᠨ ᠠᠵᠢᠯᠯᠠᠬᠤ ᠴᠠᠭ ᠬᠤᠪᠢᠷᠠᠯᠲᠠ ᠲᠠᠢ︕
ᠨᠡᠶᠢᠲᠡᠯᠡᠭᠰᠡᠨ ᠴᠠᠭ᠄
2025/3/26
          ᠳᠠᠷᠠᠭ᠎ᠠ ᠭᠠᠷᠠᠭ ᠲᠤ ᠬᠠᠩᠰᠢ ᠶᠢᠨ ᠠᠮᠠᠷᠠᠯᠲᠠ ᠪᠤᠯᠤᠯ᠎ᠠ︕ ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠤ 4 ᠰᠠᠷ᠎ᠠ ᠶᠢᠨ 4᠎ ᠤ ᠡᠳᠦᠷ ︵ᠳᠠᠷᠠᠭ᠎ᠠ ᠭᠠᠷᠠᠭ ᠤᠨ ᠲᠠᠪᠤᠨ︶᠎ ᠠᠴᠠ 4 ᠰᠠᠷ᠎ᠠ ᠶᠢᠨ 6᠎ ᠤ ᠡᠳᠦᠷ ︵ᠳᠠᠷᠠᠭ᠎ᠠ ᠭᠠᠷᠠᠭ ᠤᠨ ᠡᠳᠦᠷ︶ ᠪᠣᠯᠲᠠᠯ᠎ᠠ ᠭᠤᠷᠪᠠᠨ ᠡᠳᠦᠷ ᠠᠮᠠᠷᠠᠨ᠎ᠠ᠂ ᠡᠳᠦᠷ ᠰᠤᠯᠢᠵᠤ ᠠᠮᠠᠷᠠᠬᠤ ᠦᠭᠡᠢ᠃          2025 ᠣᠨ ᠤ ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠤ ᠪᠠᠭ᠎ᠠ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ ᠠᠴᠠ ᠰᠦᠢᠳᠬᠡᠯ ᠬᠤᠷᠢᠶᠠᠬᠤ ᠦᠭᠡᠢ᠃ ᠬᠠᠩᠰᠢ ᠶᠢᠨ ᠠᠮᠠᠷᠠᠯᠲᠠ ᠶᠢᠨ 4 ᠰᠠᠷ᠎ᠠ ᠶᠢᠨ 4᠎ ᠤ ᠡᠳᠦᠷ ᠤᠨ 0 ᠴᠠᠭ ᠠᠴᠠ 6᠎ ᠤ ᠡᠳᠦᠷ ᠤᠨ 24 ᠴᠠᠭ ᠪᠤᠯᠳᠠᠯᠠᠬᠢ ᠬᠤᠭᠤᠴᠠᠭᠠᠨ ᠳᠤ ᠪᠦᠬᠦᠶᠢᠯᠡ ᠰᠦᠢᠳᠬᠡᠯ ᠬᠤᠷᠢᠶᠠᠳᠠᠭ ᠵᠠᠰᠠᠮᠠᠯ ᠵᠠᠮ ︵ᠨᠢᠰᠬᠡᠯ ᠤᠨ ᠪᠠᠭᠤᠳᠠᠯ ᠤᠨ ᠬᠤᠷᠳᠤᠨ ᠤ ᠵᠠᠰᠠᠮᠠᠯ ᠵᠠᠮ᠂ ᠰᠦᠢᠳᠬᠡᠯ ᠬᠤᠷᠢᠶᠠᠬᠤ ᠬᠥᠭᠦᠷᠭᠡ ᠪᠠ ᠨᠦᠬᠡᠨ ᠵᠠᠮ ᠪᠠᠭᠲᠠᠨ᠎ᠠ︶ ᠰᠦᠢᠳᠭᠡᠯ ᠬᠤᠷᠢᠶᠠᠬᠤ ᠦᠭᠡᠢ᠃ 4 ᠰᠠᠷ᠎ᠠ ᠶᠢᠨ 7᠎ ᠤ ᠡᠳᠦᠷ ᠤᠨ 0 ᠴᠠᠭ ᠠᠴᠠ ᠡᠬᠢᠯᠡᠨ ᠬᠡᠪ ᠤᠨ ᠰᠦᠢᠳᠬᠡᠯ ᠬᠤᠷᠢᠶᠠᠯᠲᠠ ᠶᠢ ᠰᠡᠷᠭᠦᠭᠡᠨ᠎ᠡ᠃
ᠢᠷᠡᠯᠲᠡ᠄ ᠠᠷᠠᠳ ᠤᠨ ᠰᠦᠯᠵᠢᠶ᠎ᠡ