3 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ ᠳᠤ ᠭᠦᠨᠵᠡᠭᠡᠶᠢᠷᠡᠨ᠂ ᠣᠳᠣᠬᠠᠨ ᠤ ᠴᠠᠰᠤ ᠰᠢᠭᠤᠷᠭ᠎ᠠ ᠲᠠᠢ ᠴᠠᠭ ᠠᠭᠤᠷ ᠢ ᠰᠡᠷᠭᠡᠶᠢᠯᠡᠨ ᠠᠷᠭᠠᠴᠠᠬᠤ ᠠᠵᠢᠯ ᠢ ᠪᠠᠶᠢᠴᠠᠭᠠᠨ | ᠰᠤᠳᠤᠯᠵᠤ ᠰᠢᠮᠳᠠᠭᠤᠯᠤᠨ ᠵᠢᠯᠣᠭᠤᠳᠪᠠ᠂ ᠸᠠᠩ ᠨᠠᠢ ᠪᠢᠨ ᠴᠢᠬᠤᠯᠠᠴᠢᠯᠠᠬᠤ ᠳᠠᠭᠠᠨ᠂ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠨᠠᠷᠢᠨ ᠨᠢᠮᠪᠠᠢ | ᠪᠠᠶᠢᠷᠢᠯᠠᠭᠤᠯᠵᠤ᠂ ᠴᠠᠰᠤ ᠰᠢᠭᠤᠷᠭ᠎ᠠ ᠲᠠᠢ ᠴᠠᠭ ᠠᠭᠤᠷ ᠢ ᠰᠡᠷᠭᠡᠶᠢᠯᠡᠨ ᠠᠷᠭᠠᠴᠠᠬᠤ ᠡᠯ᠎ᠡ ᠵᠦᠢᠯ ᠤᠨ ᠠᠵᠢᠯ ᠢ ᠪᠣᠳᠠᠲᠠᠢ ᠰᠠᠶᠢᠲᠤᠷ ᠠᠳᠬᠤᠵᠤ᠂ ᠣᠯᠠᠨ | ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠢ ᠭᠡᠵᠡᠢ᠃ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠵᠠᠩ ᠮᠢᠩ ᠪᠠᠷ᠎ᠠ ᠪᠣᠯᠪᠠ᠃ | ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ᠂ ᠸᠠᠩ ᠨᠠᠢ ᠪᠢᠨ ᠨᠠᠷ ᠪᠠᠴᠢᠮ ᠪᠠᠶᠢᠳᠠᠯ ᠢ ᠠᠷᠭᠠᠴᠠᠬᠤ | ᠸᠢᠳᠢᠤ᠋ ᠶᠢᠨ ᠰᠢᠰᠲ᠋ᠧᠮ ᠢᠶᠠᠷ ᠭᠤᠣᠯᠳᠠᠯᠭ᠎ᠠ ᠲᠠᠢ ᠣᠷᠣᠨ ᠪᠦᠰᠡ᠂ ᠵᠠᠮ ᠤᠨ ᠬᠡᠰᠡᠭ ᠤᠨ ᠲᠤᠬᠠᠢ ᠶᠢᠨ ᠴᠠᠭ ᠤᠨ ᠴᠠᠰᠤ ᠰᠢᠭᠤᠷᠭᠠᠨ ᠤ ᠪᠠᠶᠢᠳᠠᠯ ᠢ ᠪᠠᠶᠢᠴᠠᠭᠠᠨ | ᠦᠵᠡᠵᠦ᠂ ᠴᠠᠰᠤ ᠰᠢᠭᠤᠷᠭ᠎ᠠ ᠲᠠᠢ ᠴᠠᠭ ᠠᠭᠤᠷ ᠤᠨ ᠨᠥᠯᠥᠭᠡᠯᠡᠬᠦ ᠬᠡᠪᠴᠢᠶ᠎ᠡ᠂ ᠦᠷᠭᠦᠯᠵᠢᠯᠡᠬᠦ ᠴᠠᠭ᠂ ᠬᠥᠭᠵᠢᠯᠲᠡ ᠶᠢᠨ ᠬᠠᠨᠳᠤᠰᠢ ᠵᠢᠴᠢ ᠡᠯ᠎ᠡ ᠵᠦᠢᠯ ᠤᠨ | ᠰᠡᠷᠭᠡᠶᠢᠯᠡᠨ ᠠᠷᠭᠠᠴᠠᠬᠤ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃ | ᠸᠠᠩ ᠨᠠᠢ ᠪᠢᠨ ᠴᠢᠬᠤᠯᠠᠴᠢᠯᠠᠭᠰᠠᠨ ᠨᠢ᠂ ᠠᠮᠤᠷ ᠲᠦᠪᠰᠢᠨ ᠤ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠨᠠᠷᠢᠨ | ᠨᠢᠮᠪᠠᠢ ᠪᠠᠶᠢᠷᠢᠯᠠᠭᠤᠯᠵᠤ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ᠂ ᠴᠠᠭ ᠠᠭᠤᠷ ᠤᠨ | ᠬᠤᠪᠢᠷᠠᠯᠲᠠ ᠶᠢᠨ ᠬᠠᠨᠳᠤᠰᠢ ᠵᠢᠴᠢ ᠨᠥᠯᠥᠭᠡᠯᠡᠬᠦ ᠭᠤᠣᠯᠳᠠᠯᠭ᠎ᠠ ᠲᠠᠢ ᠣᠷᠣᠨ ᠪᠦᠰᠡ ᠶᠢ ᠣᠶᠢᠯᠠᠭᠠᠵᠤ᠂ ᠡᠯ᠎ᠡ ᠵᠦᠢᠯ ᠤᠨ ᠰᠡᠷᠭᠡᠶᠢᠯᠡᠨ ᠠᠷᠭᠠᠴᠠᠬᠤ ᠠᠵᠢᠯ ᠢ | ᠨᠠᠷᠢᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠰᠠᠶᠢᠲᠤᠷ ᠬᠢᠵᠦ᠂ ᠡᠯ᠎ᠡ | ᠭᠤᠭᠴᠤᠭ᠎ᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠮᠡᠳᠡᠭᠡ ᠵᠠᠩᠭᠢ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ᠃ ᠪᠠᠴᠢᠮ | ᠪᠠᠶᠢᠳᠠᠯ ᠢ ᠠᠷᠭᠠᠴᠠᠬᠤ ᠮᠡᠳᠡᠯᠭᠡ ᠶᠢᠨ ᠤᠬᠠᠭᠤᠯᠭ᠎ᠠ ᠶᠢ ᠴᠢᠩᠭᠠᠳᠬᠠᠵᠤ᠂ ᠬᠤᠯᠪᠣᠭᠳᠠᠯ ᠪᠦᠬᠦᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠤᠷᠢᠳᠴᠢᠯᠠᠨ ᠨᠡᠶᠢᠲᠡᠯᠡᠵᠦ᠂ | ᠣᠯᠠᠨ ᠲᠦᠮᠡᠨ ᠳᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢᠶᠠᠨ ᠴᠢᠩᠭᠠᠳᠬᠠᠵᠤ᠂ ᠰᠡᠷᠭᠡᠶᠢᠯᠡᠨ ᠠᠷᠭᠠᠴᠠᠬᠤ ᠪᠡᠯᠡᠳᠬᠡᠯ ᠢ ᠰᠠᠶᠢᠲᠤᠷ ᠬᠢᠬᠦ ᠶᠢ | ᠰᠠᠨᠠᠭᠤᠯᠬᠤ ᠬᠡᠷᠡᠭᠲᠡᠢ᠃ |