3 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ᠂ ᠬᠤᠰᠢᠭᠤᠨ ᠤ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠦ᠋ ᠰᠢᠤᠸᠠᠢ ᠶᠦᠩ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ 2025 ᠣᠨ ᠤ 4 ᠳ᠋ᠦ᠋ᠭᠡᠷ ᠤᠳᠠᠭᠠᠨ ᠤ ᠬᠤᠷᠠᠯ ᠵᠢᠴᠢ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 4 ᠳ᠋ᠦ᠋ᠭᠡᠷ ᠤᠳᠠᠭᠠᠨ ᠤ | ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ᠂ ᠴᠢᠬᠤᠯᠠ | ᠥᠭᠦᠯᠡᠯᠲᠡ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ | ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠲᠤᠬᠠᠢ | ᠰᠤᠷᠤᠯᠴᠠᠯᠭ᠎ᠠ ᠬᠥᠮᠦᠵᠢᠯ ᠤᠨ ᠬᠤᠯᠪᠣᠭᠳᠠᠯ ᠪᠦᠬᠦᠢ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠥᠰᠥᠯ︾ ᠢ ᠬᠢᠨᠠᠨ | ᠵᠥᠪᠯᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ᠂ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠲᠠᠢ | ᠨᠢᠭᠲᠠ ᠤᠶᠠᠯᠳᠤᠭᠤᠯᠵᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠡᠴᠦᠰ ᠲᠤᠨᠢ ᠲᠤᠯᠲᠠᠯ᠎ᠠ ᠠᠳᠬᠤᠵᠤ᠂ ᠴᠢᠨᠠᠷ ᠰᠠᠶᠢᠲᠠᠢ ᠰᠤᠷᠤᠯᠴᠠᠯᠭ᠎ᠠ ᠬᠥᠮᠦᠵᠢᠯ ᠢᠶᠠᠷ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ︽ᠠᠵᠢᠯ ᠤᠨ ᠲᠥᠰᠥᠯ︾ ᠤᠨ ᠱᠠᠭᠠᠷᠳᠠᠯᠭ᠎ᠠ ᠶᠣᠰᠣᠭᠠᠷ ᠨᠠᠷᠢᠨ ᠨᠢᠮᠪᠠᠢ ᠵᠣᠬᠢᠶᠠᠨ | ᠪᠠᠶᠢᠭᠤᠯᠤᠨ ᠪᠠᠶᠢᠷᠢᠯᠠᠭᠤᠯᠵᠤ᠂ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠪᠠᠭ ᠤᠨ ᠪᠦᠷᠢᠯᠳᠦᠭᠦᠨ ᠪᠡᠶ᠎ᠡ ᠪᠠᠷ ᠢᠶᠠᠨ ᠬᠡᠪ | ᠳᠦᠷᠢᠮ ᠪᠣᠯᠵᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠭᠡᠰᠢᠭᠦᠨ ᠺᠠᠳ᠋ᠷᠴᠤᠳ ᠲᠤ | ᠰᠠᠶᠢᠨ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠷᠦᠩᠬᠡᠢ ᠱᠠᠭᠠᠷᠳᠠᠯᠭ᠎ᠠ ᠪᠠ ᠶᠡᠷᠦᠩᠬᠡᠢ | ᠵᠠᠷᠴᠢᠮ ᠲᠠᠢ ᠨᠢᠭᠲᠠ ᠤᠶᠠᠯᠳᠤᠭᠤᠯᠤᠨ᠂ ᠰᠤᠷᠤᠯᠴᠠᠬᠤ ᠪᠠᠶᠢᠴᠠᠭᠠᠨ ᠥᠭᠡᠷᠡᠴᠢᠯᠡᠬᠦ ᠠᠵᠢᠯ ᠢ ᠨᠢᠭᠡ ᠴᠣᠭᠴᠠᠵᠢᠭᠤᠯᠤᠨ ᠠᠬᠢᠭᠤᠯᠵᠤ᠂ ᠰᠤᠷᠤᠯᠴᠠᠯᠭ᠎ᠠ | ᠬᠥᠮᠦᠵᠢᠯ ᠢ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠶᠢᠬᠤ ᠠᠰᠠᠭᠤᠳᠠᠯ ᠢ ᠰᠢᠢᠳᠪᠦᠷᠢᠯᠡᠬᠦ ᠲᠠᠢ ᠤᠶᠠᠯᠳᠤᠭᠤᠯᠵᠤ᠂ ᠰᠤᠷᠤᠯᠴᠠᠯᠭ᠎ᠠ | ᠬᠥᠮᠦᠵᠢᠯ ᠢᠶᠠᠷ ᠠᠵᠢᠯ ᠤᠨ ᠥᠷᠨᠢᠯᠲᠡ ᠶᠢ ᠠᠬᠢᠭᠤᠯᠵᠤ᠂ ᠠᠵᠢᠯ ᠤᠨ ᠦᠷ᠎ᠡ ᠪᠦᠲᠦᠮᠵᠢ ᠪᠠᠷ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠰᠢᠯᠭᠠᠬᠤ | ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠬᠢᠨᠠᠨ ᠵᠥᠪᠯᠡᠪᠡ᠃ |