3 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠰᠢᠨ᠎ᠡ ᠪᠠᠷᠭᠤ | ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2025 ᠣᠨ ᠤ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ | ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠣᠬᠢᠶᠠᠯ ᠤᠨ ᠵᠣᠷᠢᠭ ᠰᠠᠨᠠᠭ᠎ᠠ᠂ ᠪᠦᠬᠦ | ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠣᠶᠢᠷ᠎ᠠ ᠶᠢᠨ ᠬᠤᠭᠤᠴᠠᠭᠠᠨ ᠤ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠠᠵᠤ ᠠᠬᠤᠢ ᠶᠢᠨ ᠠᠵᠢᠯ ᠢ | ᠰᠠᠶᠢᠲᠤᠷ ᠬᠢᠬᠦ ᠶᠢᠨ ᠪᠣᠳᠠᠲᠤ ᠠᠮᠵᠢᠯᠲᠠ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠦᠷᠭᠦᠯᠵᠢᠯᠡᠨ ᠬᠥᠪᠴᠢᠯᠡᠵᠦ᠂ | ᠪᠦᠬᠦ ᠵᠢᠯ ᠤᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠷ᠎ᠠ ᠪᠠᠷ ᠤᠯᠠᠷᠢᠯ ᠢ ᠪᠠᠲᠤᠯᠠᠵᠤ᠂ ᠤᠯᠠᠷᠢᠯ ᠢᠶᠠᠷ ᠵᠢᠯ ᠢ ᠪᠠᠲᠤᠯᠠᠵᠤ᠂ ︽ᠰᠠᠶᠢᠨ ᠡᠬᠢᠯᠡᠯᠲᠡ︾ | ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠣᠶᠢᠯᠠᠭᠠᠵᠤ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ | ᠨᠢᠭᠡᠳᠬᠡᠵᠦ᠂ ᠵᠢᠷᠭᠤᠭᠠᠨ ᠢᠨᠵᠧᠨᠧᠷᠢᠩ᠂ ᠵᠢᠷᠭᠤᠭᠠᠨ ᠠᠵᠢᠯᠯᠠᠭᠠᠨ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠠᠵᠤ ᠠᠬᠤᠢ ᠶᠢᠨ ᠠᠵᠢᠯᠯᠠᠭ᠎ᠠ᠂ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠬᠦᠴᠦᠯᠡᠨ ᠠᠬᠢᠭᠤᠯᠬᠤ ᠬᠡᠷᠡᠭᠲᠡᠢ᠃ ᠡᠯ᠎ᠡ ᠲᠦᠷᠦᠯ ᠤᠨ ᠲᠣᠭᠤᠷᠢᠨ | ᠪᠠᠶᠢᠴᠠᠭᠠᠬᠤ ᠴᠠᠭᠳᠠᠨ ᠪᠠᠶᠢᠴᠠᠭᠠᠬᠤ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ ᠴᠠᠭ ᠲᠤᠬᠠᠢ ᠳᠤᠨᠢ︽ᠡᠷᠬᠢᠨ | ᠬᠠᠷᠠᠬᠤ︾ᠠᠵᠢᠯ ᠢ ᠥᠷᠨᠢᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠬᠠᠮᠲᠤ᠂ ᠴᠡᠭᠴᠡᠯᠡᠨ | ᠰᠠᠶᠢᠵᠢᠷᠠᠭᠤᠯᠬᠤ ᠪᠠᠷ ᠳᠠᠮᠵᠢᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠠᠵᠢᠯ ᠤᠨ ᠳᠤᠮᠳᠠᠬᠢ ᠳᠤᠲᠠᠭᠤᠳᠠᠯ ᠪᠠᠭᠤᠷᠠᠢ | ᠲᠠᠯ᠎ᠠ ᠶᠢ ᠨᠥᠬᠦᠪᠦᠷᠢᠯᠡᠬᠦ ᠬᠡᠷᠡᠭᠲᠡᠢ᠃ | ᠬᠤᠷᠠᠯ ᠠᠴᠠ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠰᠠᠶᠢᠵᠢᠷᠠᠭᠤᠯᠬᠤ ᠪᠠ ᠨᠠᠢᠮᠠᠨ | ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠢ | ᠲᠥᠪᠯᠡᠷᠡᠭᠦᠯᠦᠨ ᠴᠡᠭᠴᠡᠯᠡᠨ ᠵᠠᠰᠠᠬᠤ᠂︽ᠳᠣᠲᠣᠷ᠎ᠠ ᠪᠠᠨ ᠬᠤᠭᠤᠰᠤᠨ ᠲᠣᠰᠬᠤᠨ︾ ᠤ ᠵᠠᠰᠠᠯᠲᠠ᠂ ᠲᠠᠷᠠᠬᠠᠢ ᠪᠤᠲᠠᠷᠬᠠᠢ ᠴᠠᠬᠢᠯᠭᠠᠨ ᠤᠲᠠᠰᠤ ᠶᠢ ᠲᠤᠰᠬᠠᠢ | ᠴᠡᠭᠴᠡᠯᠡᠨ ᠵᠠᠰᠠᠬᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠵᠡᠷᠭᠡ ᠠᠵᠢᠯ ᠢ | ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ ᠪᠠᠰᠠ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠵᠦ | ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠬᠤ ᠲᠥᠰᠥᠯ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠰᠠᠨᠠᠭᠤᠯᠭ᠎ᠠ ᠪᠣᠯᠣᠨ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢᠨ ᠡᠭᠦᠷᠭᠡ ᠶᠢᠨ ᠬᠤᠪᠢᠶᠠᠷᠢᠯᠠᠯ ᠵᠡᠷᠭᠡ ᠲᠤᠰᠬᠠᠢ ᠵᠦᠢᠯᠡᠰ ᠢ | ᠰᠤᠳᠤᠯᠵᠤ ᠬᠢᠨᠠᠨ ᠵᠥᠪᠯᠡᠵᠡᠢ᠃ |