3 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2025 ᠣᠨ ᠤ | ᠳᠥᠷᠪᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠬᠤᠷᠠᠯ | ᠡᠷᠭᠢᠯᠡᠵᠦ ᠶᠠᠷᠢᠶ᠎ᠠ ᠲᠠᠯᠪᠢᠪᠠ᠃ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠭᠡᠰᠢᠭᠦᠨ ᠬᠤᠷᠠᠯ ᠳᠤ ᠣᠷᠣᠯᠴᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ | ᠥᠭᠦᠯᠡᠯᠲᠡ ᠶᠢ ᠤᠯᠠᠮᠵᠢᠯᠠᠨ ᠰᠤᠷᠤᠯᠴᠠᠵᠠᠢ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢᠨ ᠵᠣᠷᠢᠭ | ᠰᠠᠨᠠᠭ᠎ᠠ ᠶᠢ ᠭᠦᠨᠵᠡᠭᠡᠢ ᠣᠶᠢᠯᠠᠭᠠᠵᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠶᠢᠴᠢᠯᠠᠨ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠲᠦᠷᠦᠭᠦᠯᠡᠨ ᠵᠢᠷᠤᠮᠯᠠᠵᠤ᠂ ᠦᠵᠡᠯ ᠰᠠᠨᠠᠭᠠᠨ ᠤ ᠬᠠᠰᠢᠯᠭ᠎ᠠ ᠶᠢ ᠲᠠᠰᠤᠷᠠᠯᠲᠠ ᠦᠭᠡᠢ ᠪᠠᠬᠢᠵᠢᠭᠦᠯᠵᠦ᠂ ᠰᠢᠯᠢᠳᠡᠭ ᠰᠠᠶᠢᠨ ᠰᠤᠷᠲᠠᠯ ᠢᠶᠠᠷ ᠡᠯ᠎ᠡ ᠵᠦᠢᠯ ᠤᠨ ᠠᠵᠢᠯ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ | ᠬᠤᠷᠠᠯ ᠠᠴᠠ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠲᠤᠬᠠᠢ ᠬᠠᠮᠢᠶ᠎ᠠ ᠪᠦᠬᠦᠢ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠬᠤᠷᠠᠯ ᠠᠴᠠ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠣᠶᠢᠯᠠᠭᠠᠭᠳᠠᠬᠤᠨ ᠢᠶᠠᠨ | ᠬᠤᠪᠢᠷᠠᠭᠤᠯᠵᠤ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠬᠥᠪᠴᠢᠯᠡᠵᠦ᠂ ᠬᠥᠭᠵᠢᠯᠲᠡ ᠶᠢᠨ ᠰᠡᠳᠬᠢᠴᠡ ᠶᠢᠨ ᠰᠢᠨ᠎ᠡ ᠶᠢ ᠡᠭᠦᠳᠴᠦ᠂ ᠪᠣᠳᠠᠲᠠᠢ ᠳᠤ | ᠰᠠᠭᠤᠷᠢᠯᠠᠵᠤ᠂ ᠳᠠᠪᠠᠭᠤᠯᠢᠭ ᠢᠶᠠᠨ ᠪᠠᠳᠠᠷᠠᠭᠤᠯᠵᠤ᠂ ᠤᠯᠠᠨ ᠡᠰᠢᠵᠢᠭᠰᠡᠨ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠬᠡᠷᠡᠭᠲᠡᠢ᠃ | ᠬᠤᠷᠠᠯ ᠠᠴᠠ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠤᠯᠠᠨ ᠲᠦᠮᠡᠨ ᠤ ᠳᠡᠷᠭᠡᠳᠡᠬᠢ | ᠲᠥᠪ ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠭᠰᠠᠨ ᠳ᠋ᠦᠩᠨᠡᠯᠲᠡ ᠪᠠ ᠲᠠᠬᠢᠨ ᠬᠤᠶᠠᠷ ᠵᠢᠯ ᠠᠳᠬᠤᠬᠤ | ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠤᠨ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠭᠦᠨᠵᠡᠭᠡᠢ ᠠᠬᠢᠭᠤᠯᠬᠤ ᠲᠤᠬᠠᠢ | ᠱᠠᠭᠠᠷᠳᠠᠯᠭ᠎ᠠ ᠳᠤᠷᠠᠳᠴᠠᠢ᠃ | ᠬᠤᠷᠠᠯ ᠳᠡᠭᠡᠷ᠎ᠡ᠂ ᠭᠤᠣᠯ ᠳᠤᠭᠤᠶᠢᠯᠠᠩ ᠤᠨ ᠪᠦᠷᠢᠯᠳᠦᠭᠦᠨ ᠨᠠᠷ ᠲᠣᠰ ᠪᠡᠶ᠎ᠡ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠲᠥᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠭᠠᠳ ᠣᠯᠣᠭᠰᠠᠨ | ᠢᠯᠡᠳᠲᠡ ᠦᠷ᠎ᠡ ᠪᠦᠲᠦᠮᠵᠢ ᠶᠢ ᠰᠢᠰᠲ᠋ᠧᠮ ᠲᠠᠢ ᠳ᠋ᠦᠩᠨᠡᠬᠦ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ | ᠬᠤᠷᠠᠯ ᠠᠴᠠ ᠪᠠᠰᠠ ᠪᠤᠰᠤᠳ ᠠᠭᠤᠯᠭ᠎ᠠ ᠶᠢ ᠲᠥᠪᠯᠡᠷᠡᠭᠦᠯᠦᠨ ᠰᠤᠷᠤᠯᠴᠠᠪᠠ᠃ |