ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠪᠦᠯᠬᠦᠮ ᠳᠠᠭᠠᠭᠤᠯᠤᠨ ᠳᠤᠮᠳᠠᠳᠤ ᠤᠯᠤᠰ ᠤᠨ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠳᠤ ᠬᠦᠷᠴᠦ ᠠᠵᠢᠯ ᠢᠶᠠᠨ ᠵᠣᠯᠭᠠᠭᠤᠯᠪᠠ
ᠨᠡᠶᠢᠲᠡᠯᠡᠭᠰᠡᠨ ᠴᠠᠭ᠄
2025/3/5
          3 ᠰᠠᠷ᠎ᠠ ᠶᠢᠨ 3᠎ ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠸᠠᠩ ᠨᠠᠢ ᠪᠢᠨ ᠪᠦᠯᠬᠦᠮ ᠳᠠᠭᠠᠭᠤᠯᠤᠨ ᠳᠤᠮᠳᠠᠳᠤ ᠤᠯᠤᠰ ᠤᠨ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠳᠤ ᠬᠦᠷᠴᠦ ᠬᠠᠮᠢᠶ᠎ᠠ ᠪᠦᠬᠦᠢ ᠠᠵᠢᠯ ᠢ ᠵᠣᠯᠭᠠᠭᠤᠯᠵᠤ᠂ ᠬᠤᠪᠢᠶᠠᠷᠢ ᠪᠠᠩᠬᠢ ᠶᠢᠨ ᠬᠠᠷᠢᠭᠤᠴᠠᠯᠭᠠᠲᠠᠨ ᠯᠢᠦ ᠳ᠋ᠧ ᠶᠤᠸᠠᠨ ᠠᠭᠤᠯᠵᠠᠯᠲᠠ ᠳᠤ ᠣᠷᠣᠯᠴᠠᠵᠤ᠂ ᠬᠤᠪᠢᠶᠠᠷᠢ ᠪᠠᠩᠬᠢ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠪᠠᠩᠬᠢ ᠶᠢᠨ ᠳᠡᠳ᠋ ᠳᠠᠷᠤᠭ᠎ᠠ ᠸᠧᠢ ᠢᠦᠢ ᠶᠠᠷᠢᠯᠴᠠᠬᠤ ᠬᠤᠷᠠᠯ ᠳᠤ ᠣᠷᠣᠯᠴᠠᠪᠠ᠃          ᠸᠠᠩ ᠨᠠᠢ ᠪᠢᠨ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠎ ᠶᠢᠨ ᠤᠷᠳᠤ ᠬᠤᠭᠤᠴᠠᠭᠠᠨ ᠤ ᠲᠤᠷᠰᠢ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠡᠭᠦᠨ ᠤ ᠬᠠᠮᠲᠤ᠂ ᠰᠢᠨ᠎ᠡ ᠪᠠᠷᠭᠤ ᠵᠡᠭᠦᠨ ᠬᠤᠰᠢᠭᠤᠨ ᠤ ᠣᠷᠣᠨ ᠪᠠᠶᠢᠷᠢ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠪᠣᠯᠣᠨ ᠪᠡᠯᠡ ᠮᠥᠩᠭᠦ ᠴᠤᠭᠯᠠᠭᠤᠯᠬᠤ ᠬᠡᠷᠡᠭᠴᠡᠭᠡ ᠱᠠᠭᠠᠷᠳᠠᠯᠭ᠎ᠠ ᠶᠢ ᠨᠠᠷᠢᠨ ᠲᠠᠨᠢᠯᠴᠠᠭᠤᠯᠵᠤ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠥᠩᠭᠡᠷᠡᠭᠰᠡᠨ ᠲᠠᠢ ᠪᠠᠨ ᠠᠳᠠᠯᠢ ᠪᠠᠷ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠠᠯᠠᠮᠵᠢᠯᠠᠨ ᠳᠡᠮᠵᠢᠵᠦ᠂ ᠵᠠᠰᠠᠭ ᠪᠠᠩᠬᠢ ᠶᠢᠨ ᠬᠠᠮᠲᠤᠷᠠᠯᠴᠠᠭᠠᠨ ᠤ ᠬᠠᠷᠢᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠮᠠᠯ ᠠᠵᠤ ᠠᠬᠤᠢ ᠲᠠᠷᠢᠶᠠᠯᠠᠩ ᠤᠨ ᠲᠦᠷᠦ ᠶᠢᠨ ᠪᠣᠳᠣᠯᠭ᠎ᠠ ᠶᠢᠨ ᠴᠢᠨᠠᠷᠲᠠᠢ ᠪᠠᠩᠬᠢ ᠶᠢᠨ ᠲᠤᠰᠬᠠᠢ ᠮᠡᠷᠭᠡᠵᠢᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠬᠦᠷᠢᠶᠡᠨ ᠳᠤ᠂ ᠮᠥᠩᠭᠦᠨ ᠭᠦᠢᠯᠭᠡᠭᠡᠨ ᠢᠶᠠᠷ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠶᠢ ᠬᠦᠰᠡᠵᠦ ᠪᠠᠶᠢᠨ᠎ᠠ ᠭᠡᠵᠡᠢ᠃ ᠰᠢᠨ᠎ᠡ ᠪᠠᠷᠭᠤ ᠵᠡᠭᠦᠨ ᠬᠤᠰᠢᠭᠤ ᠦᠢᠯᠡᠴᠢᠯᠡᠭᠡᠨ ᠤ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠰᠢᠨ᠎ᠡ ᠦᠷ᠎ᠡ ᠪᠦᠲᠦᠭᠡᠯ ᠣᠯᠬᠤ ᠶᠢ ᠠᠬᠢᠭᠤᠯᠤᠨ᠎ᠠ ᠭᠡᠵᠦ ᠢᠯᠡᠳᠬᠡᠪᠡ᠃          ᠯᠢᠦ ᠳ᠋ᠧ ᠶᠤᠸᠠᠨ ᠸᠠᠩ ᠨᠠᠢ ᠪᠢᠨ ᠨᠠᠷ ᠤᠨ ᠠᠶᠢᠯᠴᠢᠯᠠᠷ᠎ᠠ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠯᠢᠦ ᠳ᠋ᠧ ᠶᠤᠸᠠᠨ ᠢᠯᠡᠷᠬᠡᠶᠢᠯᠡᠬᠦ ᠳᠡᠭᠡᠨ᠂ ᠡᠭᠦᠷᠭᠡ ᠴᠢᠳᠠᠪᠤᠷᠢ ᠶᠢᠨ ᠪᠠᠶᠢᠷᠢ ᠲᠣᠭᠲᠠᠭᠠᠯᠲᠠ᠂ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠪᠠ ᠦᠢᠯᠡᠴᠢᠯᠡᠭᠡᠨ ᠤ ᠬᠦᠷᠢᠶᠡᠨ ᠳᠤ ᠰᠠᠭᠤᠷᠢᠯᠠᠨ᠂ ᠭᠤᠣᠯ ᠬᠠᠷᠢᠭᠤᠴᠠᠯᠭ᠎ᠠ ᠭᠤᠣᠯ ᠠᠵᠢᠯ᠂ ᠣᠷᠣᠨ ᠨᠤᠲᠤᠭ ᠤᠨ ᠬᠥᠭᠵᠢᠯᠲᠡ ᠶᠢᠨ ᠲᠥᠯᠦᠪᠵᠢᠭᠦᠯᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠮᠥᠩᠭᠦᠨ ᠭᠦᠢᠯᠭᠡᠭᠡᠨ ᠤ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠣᠷᠣᠨ ᠨᠤᠲᠤᠭ ᠤᠨ ᠬᠥᠭᠵᠢᠯᠲᠡ ᠶᠢᠨ ᠶᠡᠭᠡ ᠲᠠᠯ᠎ᠠ ᠳᠤ ᠢᠳᠡᠪᠬᠢᠲᠡᠢ ᠠᠭᠤᠰᠤᠯᠴᠠᠵᠤ᠂ ᠴᠢᠨᠠᠷ ᠰᠠᠶᠢᠲᠠᠢ᠂ ᠥᠨᠳᠥᠷ ᠪᠦᠲᠦᠮᠵᠢᠲᠡᠶ ᠲᠥᠷᠥ ᠶᠢᠨ ᠪᠣᠳᠣᠯᠭ᠎ᠠ ᠶᠢᠨ ᠴᠢᠨᠠᠷᠲᠠᠢ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠨ᠎ᠠ᠃ ᠡᠭᠦᠨ ᠤ ᠬᠠᠮᠲᠤ᠂ ᠡᠬᠡ ᠮᠥᠩᠭᠦ ᠪᠠᠨ ᠪᠠᠲᠤᠯᠠᠨ ᠥᠴᠥᠬᠡᠨ ᠠᠰᠢᠭ ᠣᠯᠬᠤ ᠶᠢ ᠪᠠᠷᠢᠮᠲᠠᠯᠠᠵᠤ᠂ ᠬᠠᠷᠠᠭᠠᠯᠵᠠᠯᠲᠤ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠶᠡᠷᠦᠩᠬᠡᠶᠢᠯᠡᠭᠰᠡᠨ ᠲᠠᠩᠰᠠ ᠶᠢ ᠰᠠᠶᠢᠲᠤᠷ ᠪᠤᠳᠤᠵᠤ᠂ ᠣᠷᠣᠨ ᠨᠤᠲᠤᠭ ᠤᠨ ᠪᠣᠳᠠᠲᠤ ᠬᠡᠷᠡᠭᠴᠡᠭᠡ ᠲᠠᠢ ᠨᠢᠭᠲᠠ ᠤᠶᠠᠯᠳᠤᠭᠤᠯᠤᠨ᠂ ᠨᠠᠩ ᠣᠯᠠᠨ ᠬᠠᠮᠲᠤᠷᠠᠯᠴᠠᠭᠠᠨ ᠤ ᠲᠥᠷᠥᠯ ᠵᠦᠢᠯ ᠢ ᠲᠥᠯᠥᠪᠯᠡᠵᠦ᠂ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠬᠠᠮᠲᠤᠷᠠᠯᠴᠠᠭᠠᠨ ᠤ ᠦᠷ᠎ᠡ ᠪᠦᠲᠦᠭᠡᠯ ᠢᠶᠠᠨ ᠤᠯᠠᠮ ᠨᠢᠭᠡ ᠠᠯᠬᠤᠮ ᠪᠠᠬᠢᠵᠢᠭᠦᠯᠦᠨ ᠥᠷᠭᠡᠳᠬᠡᠵᠦ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠮᠥᠩᠭᠦᠨ ᠭᠦᠢᠯᠭᠡᠭᠡᠨ ᠤ ᠡᠭᠦᠷᠭᠡ ᠴᠢᠳᠠᠪᠤᠷᠢ ᠶᠢᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠰᠢᠨ᠎ᠡ ᠪᠠᠷᠭᠤ ᠵᠡᠭᠦᠨ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠨᠠᠩ ᠰᠠᠶᠢᠨ ᠬᠦᠴᠦᠨ ᠨᠡᠮᠡᠷᠢᠯᠡᠨ᠎ᠡ᠃          ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠵᠠᠩ ᠮᠢᠩ ᠵᠣᠯᠭᠠᠯᠲᠠ ᠳᠤ ᠪᠠᠷ᠎ᠠ ᠪᠣᠯᠪᠠ︔ ᠬᠥᠯᠥᠨ ᠪᠤᠶᠢᠷ ᠬᠤᠳᠠ ᠶᠢᠨ ᠬᠤᠪᠢᠶᠠᠷᠢ ᠪᠠᠩᠬᠢ ᠶᠢᠨ ᠭᠤᠣᠯ ᠬᠠᠷᠢᠭᠤᠴᠠᠯᠭᠠᠲᠠᠨ᠂ ᠬᠤᠪᠢᠶᠠᠷᠢ ᠪᠠᠩᠬᠢ ᠶᠢᠨ ᠠᠵᠤ ᠦᠢᠯᠡᠰ ᠤᠨ ᠬᠠᠷᠢᠴᠠᠭᠠᠲᠤ ᠡᠷᠦᠬᠡ ᠶᠢᠨ ᠭᠠᠵᠠᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ