ᠮᠠᠨ ᠤ ᠣᠷᠣᠨ ︽ᠳᠥᠷᠪᠡ ᠶᠢ ᠠᠳᠬᠤᠨ ᠳᠥᠷᠪᠡ ᠶᠢ ᠠᠬᠢᠭᠤᠯᠵᠤ︾ ᠡᠮ ᠤᠨ ᠵᠦᠢᠯᠡᠰ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ ᠪᠤᠢ
ᠨᠡᠶᠢᠲᠡᠯᠡᠭᠰᠡᠨ ᠴᠠᠭ᠄
2025/4/14
          ᠡᠨᠡ ᠵᠢᠯ ᠤᠨ ᠡᠬᠢᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠳᠥᠷᠪᠡ ᠎ ᠶᠢ ᠠᠳᠬᠤᠨ ᠳᠥᠷᠪᠡ ᠶᠢ ᠠᠬᠢᠭᠤᠯᠬᠤ︾ ᠠᠷᠭ᠎ᠠ ᠪᠠᠷ ᠪᠦᠭᠦ ᠣᠷᠣᠨ ᠤ ᠡᠮ ᠤᠨ ᠵᠦᠢᠯᠡᠰ ᠤᠨ ᠰᠤᠭᠤᠴᠢᠨ ᠪᠠᠶᠢᠴᠠᠭᠠᠯᠲᠠ ᠪᠠ ᠬᠢᠲᠠᠳ ᠡᠮ ᠤᠨ ᠮᠠᠲ᠋ᠧᠷᠢᠶᠠᠯ ᠤᠨ ᠶᠠᠰᠤ ᠴᠢᠨᠠᠷ ᠢ ᠬᠢᠨᠠᠨ ᠰᠢᠯᠭᠠᠬᠤ ᠠᠵᠢᠯ ᠢ ᠪᠦᠭᠦ ᠲᠠᠯ᠎ᠠ ᠪᠠᠷ ᠪᠠᠶᠢᠷᠢᠯᠠᠭᠤᠯᠤᠨ ᠠᠬᠢᠭᠤᠯᠵᠤ᠂ ᠡᠮ ᠤᠨ ᠵᠦᠢᠯᠡᠰ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ ᠪᠠᠶᠢᠨ᠎ᠠ᠃          ᠨᠢᠭᠡᠳᠦᠯᠲᠡᠢ ᠲᠥᠯᠥᠪᠵᠢᠭᠦᠯᠬᠦ ᠶᠢ ᠠᠳᠬᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠢᠨᠵᠢᠯᠡᠬᠦ ᠤᠬᠠᠭᠠᠨᠴᠢ ᠲᠥᠰᠥᠯ ᠲᠣᠭᠲᠠᠭᠠᠪᠠ᠃ ᠡᠨᠡ ᠵᠢᠯ ᠮᠠᠨ ᠎ ᠤ ᠣᠷᠣᠨ ᠬᠢᠮᠢ ᠶᠢᠨ ᠡᠮ ᠪᠠ ᠬᠢᠲᠠᠳ ᠪᠡᠯᠡᠨ ᠡᠮ ᠢ ᠪᠠᠭᠲᠠᠭᠠᠭᠰᠠᠨ 11 ᠶᠡᠭᠡ ᠲᠦᠷᠦᠯ ᠤᠨ 602 ᠵᠦᠢᠯ ᠤᠨ 3666 ᠪᠦᠯᠦᠭ ᠡᠮ ᠤᠨ ᠵᠦᠢᠯᠡᠰ ᠢ ᠰᠤᠭᠤᠴᠢᠨ ᠪᠠᠶᠢᠴᠠᠭᠠᠬᠤ ᠪᠠᠷ ᠲᠥᠯᠥᠪᠯᠡᠬᠦ ᠶᠢᠨ ᠬᠠᠮᠲᠤ᠂ ᠤᠯᠤᠰ ᠤᠨ ᠦᠨᠳᠦᠰᠦᠨ ᠡᠮ ᠤᠨ ᠵᠦᠢᠯᠡᠰ᠂ ᠲᠥᠪᠯᠡᠷᠡᠭᠦᠯᠦᠨ ᠬᠤᠳᠠᠯᠳᠤᠨ ᠠᠪᠤᠭᠰᠠᠨ ᠡᠮ ᠤᠨ ᠵᠦᠢᠯᠡᠰ᠂ ᠬᠡᠦᠬᠡᠳ ᠤᠨ ᠡᠮ ᠵᠡᠷᠭᠡ 22 ᠲᠤᠰᠬᠠᠢ ᠲᠦᠷᠦᠯ ᠬᠤᠪᠢᠶᠠᠵᠤ᠂ ᠴᠠᠭ ᠤᠨ ᠬᠢᠵᠠᠭᠠᠷ ᠲᠣᠭᠲᠠᠭᠠᠨ ᠰᠤᠭᠤᠴᠢᠨ ᠪᠠᠶᠢᠴᠠᠭᠠᠬᠤ ᠠᠵᠢᠯ ᠤᠨ ᠡᠮᠬᠢ ᠵᠢᠷᠤᠮ ᠎ ᠲᠠᠢ ᠪᠠᠷ ᠶᠠᠪᠤᠭᠳᠠᠬᠤ ᠶᠢ ᠪᠠᠲᠤᠯᠠᠵᠤ ᠪᠠᠶᠢᠨ᠎ᠠ᠃          ᠭᠤᠣᠯᠳᠠᠯᠭ᠎ᠠ ᠶᠢ ᠠᠳᠬᠤᠨ ᠳᠡᠭᠡᠭᠰᠢᠯᠡᠭᠦᠯᠭᠦ ᠶᠢ ᠠᠬᠢᠭᠤᠯᠵᠤ᠂ ᠬᠢᠲᠠᠳ ᠡᠮ ᠤᠨ ᠮᠠᠲ᠋ᠧᠷᠢᠶᠠᠯ ᠤᠨ ᠶᠠᠰᠤ ᠴᠢᠨᠠᠷ ᠢ ᠬᠢᠨᠠᠨ ᠰᠢᠯᠭᠠᠬᠤ ᠶᠢ ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ ᠤ ᠣᠨᠴᠠᠯᠢᠭᠲᠤ ᠲᠠᠷᠢᠮᠠᠯ ᠤᠨ ᠵᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ᠂ ᠲᠠᠷᠢᠵᠤ ᠤᠷᠭᠤᠭᠤᠯᠬᠤ᠂ ᠭᠦᠢᠯᠭᠡᠭᠡᠬᠦ᠂ ᠬᠡᠷᠡᠭᠯᠡᠬᠦ ᠵᠡᠷᠭᠡ ᠭᠤᠭᠴᠤᠭ᠎ᠠ ᠶᠢᠨ ᠦᠯᠢᠭᠡᠷ ᠪᠣᠳᠠᠰ ᠢ ᠥᠷᠭᠡᠨ ᠢᠶᠠᠷ ᠰᠣᠩᠭᠤᠨ ᠶᠠᠰᠤ ᠴᠢᠨᠠᠷ ᠢ ᠨᠢ ᠬᠢᠨᠠᠨ ᠰᠢᠯᠭᠠᠵᠤ᠂ ᠶᠠᠰᠤ ᠴᠢᠨᠠᠷ ᠤᠨ ᠪᠠᠶᠢᠳᠠᠯ ᠢ ᠪᠦᠭᠦ ᠲᠠᠯ᠎ᠠ ᠪᠠᠷ ᠡᠵᠡᠮᠰᠢᠨ᠂ ᠠᠵᠤ ᠦᠢᠯᠡᠰ ᠤᠨ ᠬᠥᠭᠵᠢᠯᠲᠡ ᠳᠤ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠨ᠂ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠵᠦ ᠪᠠᠶᠢᠨ᠎ᠠ᠃          ᠰᠢᠨ᠎ᠡ ᠶᠢ ᠡᠭᠦᠳᠬᠦ ᠶᠢ ᠠᠳᠬᠤᠨ ᠦᠷ᠎ᠡ ᠪᠦᠲᠦᠮᠵᠢ ᠶᠢ ᠠᠬᠢᠭᠤᠯᠵᠤ᠂ ᠰᠦᠯᠵᠢᠶᠡᠨ ᠳᠡᠭᠡᠷ᠎ᠡ ᠰᠤᠭᠤᠴᠢᠨ ᠪᠠᠶᠢᠴᠠᠭᠠᠬᠤ ᠰᠢᠨ᠎ᠡ ᠵᠠᠭᠪᠤᠷ ᠢ ᠰᠦᠪᠡᠭᠴᠢᠯᠡᠪᠡ᠃ 2024 ᠣᠨ ᠤ ᠰᠦᠯᠵᠢᠶᠡᠨ ᠳᠡᠭᠡᠷᠡᠬᠢ ᠰᠤᠭᠤᠴᠢᠨ ᠪᠠᠶᠢᠴᠠᠭᠠᠬᠤ ᠠᠵᠢᠯ ᠤᠨ ᠰᠠᠭᠤᠷᠢᠨ ᠳᠤ ᠰᠦᠯᠵᠢᠶ᠎ᠡ ᠳᠡᠭᠡᠷ᠎ᠡ ᠰᠤᠭᠤᠴᠢᠨ ᠪᠠᠶᠢᠴᠠᠭᠠᠬᠤ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠰᠤᠭᠤᠴᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠰᠦᠯᠵᠢᠶ᠎ᠡ ᠪᠠᠷ ᠬᠠᠭᠤᠷᠮᠠᠭ ᠮᠠᠭᠤ ᠡᠮ ᠤᠨ ᠵᠦᠢᠯᠡᠰ ᠎ ᠢ ᠪᠣᠷᠣᠯᠠᠭᠤᠯᠬᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠦᠯᠵᠢᠶᠡᠨ ᠤ ᠵᠠᠬ᠎ᠠ ᠳᠡᠯᠭᠡᠭᠦᠷ ᠢ ᠴᠡᠪᠡᠷᠰᠢᠭᠦᠯᠵᠦ ᠪᠠᠶᠢᠨ᠎ᠠ᠃          ᠬᠠᠮᠲᠤ ᠪᠠᠷ ᠬᠥᠳᠡᠯᠦᠯᠴᠡᠬᠦ ᠶᠢ ᠠᠳᠬᠤᠨ ᠬᠠᠮᠲᠤ ᠪᠠᠷ ᠵᠠᠰᠠᠬᠤ ᠶᠢ ᠠᠬᠢᠭᠤᠯᠵᠤ᠂ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠬᠠᠮᠲᠤᠷᠠᠯ ᠬᠦᠴᠦᠨ ᠢ ᠪᠦᠷᠢᠯᠳᠦᠭᠦᠯᠪᠡ᠃ ᠦᠯᠢᠭᠡᠷ ᠪᠣᠳᠠᠰ ᠰᠣᠩᠭᠤᠬᠤ᠂ ᠰᠢᠯᠭᠠᠨ ᠪᠠᠶᠢᠴᠠᠭᠠᠬᠤ᠂ ᠬᠢᠨᠠᠨ ᠪᠠᠶᠢᠴᠠᠭᠠᠵᠤ ᠰᠢᠢᠳᠪᠦᠷᠢᠯᠡᠬᠦ ᠵᠡᠷᠭᠡ ᠡᠯ᠎ᠡ ᠭᠤᠭᠴᠤᠭ᠎ᠠ ᠶᠢᠨ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭ᠎ᠠ ᠪᠠ ᠪᠣᠳᠠᠲᠤ ᠡᠭᠦᠷᠭᠡ ᠶᠢ ᠲᠣᠳᠣᠷᠬᠠᠶᠢᠯᠠᠨ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠱᠠᠯᠠᠪᠳᠠᠭᠤᠯᠵᠤ᠂ ᠬᠠᠮᠲᠤ ᠪᠠᠷ ᠠᠳᠬᠤᠵᠤ ᠬᠠᠮᠲᠤ ᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠵᠡᠢ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ