ᠴᠠᠭᠠᠨ ᠪᠠᠯᠭᠠᠰᠤᠨ ᠤ ᠰᠤᠷᠭᠠᠭᠤᠯᠢ ᠶᠢᠨ ᠠᠵᠢᠯ ᠤᠨ ᠪᠠᠶᠢᠷᠢ ᠳᠤ ᠪᠠᠶᠢᠭ᠎ᠠ ᠪᠠᠭᠰᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯᠯᠠᠭ᠎ᠠ ᠶᠢ | ᠤᠯᠠᠮ ᠨᠢᠭᠡ ᠠᠯᠬᠤᠮ ᠵᠢᠷᠤᠮᠵᠢᠭᠤᠯᠵᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ᠳᠡᠭᠡᠳᠦ ᠱᠠᠲᠤᠨ ᠤ ᠰᠤᠷᠭᠠᠨ | ᠬᠥᠮᠦᠵᠢᠯ ᠤᠨ ᠰᠠᠯᠠᠭ᠎ᠠ ᠮᠥᠴᠢᠷ ᠤᠨ ᠠᠵᠢᠯ ᠤᠨ ᠪᠠᠶᠢᠷᠢ ᠳᠤ ᠪᠠᠶᠢᠭ᠎ᠠ ᠪᠠᠭᠰᠢ ᠶᠢᠨ ᠲᠥᠯᠥᠪᠦᠷᠢ ᠲᠠᠢ ᠪᠠᠷ ᠬᠢᠴᠢᠶᠡᠯ ᠨᠥᠬᠦᠬᠦ ᠶᠢ ᠴᠢᠩᠭ᠎ᠠ ᠴᠠᠭᠠᠵᠠᠯᠠᠬᠤ ᠲᠤᠬᠠᠢ | ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠬᠤ ᠶᠢᠨ ᠲᠥᠯᠥᠭᠡ᠂ 4 ᠰᠠᠷ᠎ᠠ ᠶᠢᠨ 8 ᠤ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ ᠴᠠᠭᠠᠨ ᠪᠠᠯᠭᠠᠰᠤᠨ ᠤ | ᠰᠤᠷᠭᠠᠭᠤᠯᠢ ᠠᠵᠢᠯ ᠤᠨ ᠪᠠᠶᠢᠷᠢ ᠳᠤ ᠪᠠᠶᠢᠭ᠎ᠠ ᠪᠠᠭᠰᠢ ᠶᠢᠨ ᠲᠥᠯᠥᠪᠦᠷᠢ ᠲᠠᠢ ᠪᠠᠷ ᠬᠢᠴᠢᠶᠡᠯ ᠨᠥᠬᠦᠬᠦ ᠪᠠᠶᠢᠳᠠᠯ ᠤᠨ ᠥᠪᠡᠰᠦᠪᠡᠨ ᠪᠠᠶᠢᠴᠠᠭᠠᠬᠤ ᠠᠵᠢᠯ ᠢ ᠪᠥᠬᠦ | ᠲᠠᠯ᠎ᠠ ᠪᠠᠷ ᠥᠷᠨᠢᠭᠦᠯᠪᠡ᠃ | | | | | ᠲᠣᠰ ᠤᠳᠠᠭᠠᠨ ᠤ ᠥᠪᠡᠰᠦᠪᠡᠨ ᠪᠠᠶᠢᠴᠠᠭᠠᠬᠤ ᠠᠵᠢᠯ ᠤᠨ ᠭᠤᠣᠯ ᠬᠠᠷᠠᠯᠲᠠ ᠪᠣᠯ ᠴᠠᠭᠠᠨ ᠪᠠᠯᠭᠠᠰᠤᠨ ᠤ ᠰᠤᠷᠭᠠᠭᠤᠯᠢ ᠶᠢᠨ ᠠᠵᠢᠯ ᠳᠤ ᠪᠠᠶᠢᠭ᠎ᠠ | ᠪᠠᠭᠰᠢ ᠳᠤ ᠰᠦᠢᠳᠬᠡᠯ ᠬᠤᠷᠢᠶᠠᠵᠤ ᠬᠢᠴᠢᠶᠡᠯ ᠨᠥᠬᠦᠬᠦ ᠦᠶᠯᠡ ᠠᠵᠢᠯᠯᠠᠭ᠎ᠠ ᠪᠠᠶᠢᠬᠤ ᠡᠰᠡᠬᠦ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠲᠣᠭᠲᠠᠭᠠᠯ ᠠᠴᠠ | ᠵᠥᠷᠢᠴᠡᠨ ᠬᠢᠴᠢᠶᠡᠯ ᠨᠥᠬᠦᠬᠦ ᠶᠠᠮᠠᠷᠪᠠ ᠬᠡᠯᠪᠡᠷᠢ ᠶᠢᠨ ᠦᠵᠡᠭᠳᠡᠯ ᠢ ᠡᠷᠡᠰ ᠬᠤᠷᠢᠭᠯᠠᠵᠤ᠂ ᠰᠤᠷᠭᠠᠨ ᠬᠥᠮᠦᠵᠢᠯ ᠤᠨ ᠰᠠᠶᠢᠨ ᠰᠠᠶᠢᠬᠠᠨ ᠡᠮᠬᠢ ᠵᠢᠷᠤᠮ ᠢ ᠬᠠᠮᠠᠭᠠᠯᠠᠨ᠂ | ᠰᠣᠷᠣᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠪᠠᠭᠰᠢ ᠶᠢᠨ ᠠᠵᠢᠯ ᠮᠡᠷᠭᠡᠵᠢᠯ ᠤᠨ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠬᠤ | ᠶᠠᠪᠤᠳᠠᠯ ᠪᠣᠯᠣᠨ᠎ᠠ᠃ | | | | | | ᠰᠤᠷᠭᠠᠭᠤᠯᠢ ᠨᠢ ᠲᠤᠰᠬᠠᠢ ᠠᠵᠢᠯ ᠤᠨ ᠳᠤᠭᠤᠶᠢᠯᠠᠩ ᠪᠠᠶᠢᠭᠤᠯᠬᠤ ᠶᠢᠨ ᠬᠠᠮᠲᠤ ᠥᠷᠭᠡᠨ ᠢᠶᠠᠷ ᠤᠬᠠᠭᠤᠯᠤᠨ ᠳᠠᠶᠢᠴᠢᠯᠠᠵᠤ᠂ ᠪᠥᠬᠦ ᠲᠠᠯ᠎ᠠ ᠪᠠᠷ | ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠵᠤ᠂ ᠢᠯᠡᠴᠢᠯᠡᠨ ᠮᠡᠳᠡᠭᠦᠯᠬᠦ ᠲᠣᠭᠲᠠᠴᠠ ᠶᠢ ᠪᠠᠶᠢᠭᠤᠯᠤᠨ᠂ ᠠᠵᠢᠯ ᠳᠤ ᠪᠠᠶᠢᠭ᠎ᠠ ᠪᠥᠬᠦ ᠪᠠᠭᠰᠢ ᠶᠢ ︽ᠠᠵᠢᠯ ᠳᠤ | ᠪᠠᠶᠢᠭ᠎ᠠ ᠪᠠᠭᠰᠢ ᠶᠢᠨ ᠲᠥᠯᠥᠪᠦᠷᠢ ᠲᠠᠢ ᠪᠠᠷ ᠬᠢᠴᠢᠶᠡᠯ ᠨᠥᠬᠦᠬᠦ ᠶᠢ ᠥᠪᠡᠰᠦᠪᠡᠨ ᠪᠠᠶᠢᠴᠠᠭᠠᠬᠤ ᠬᠦᠰᠦᠨᠦᠭᠲᠦ︾ ︽ᠲᠥᠯᠥᠪᠦᠷᠢ ᠲᠠᠢ ᠪᠠᠷ ᠬᠢᠴᠢᠶᠡᠯ ᠨᠥᠬᠦᠬᠦ ᠶᠢ | ᠲᠡᠪᠴᠢᠬᠦ ᠠᠮᠠᠯᠠᠯᠲᠠ ᠶᠢᠨ ᠪᠢᠴᠢᠭ︾ ᠢ ᠨᠠᠷᠢᠨ ᠬᠢᠨᠠᠮᠠᠭᠠᠢ ᠲᠠᠭᠯᠠᠵᠤ᠂ ︽ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠠᠰᠠᠭ ᠵᠠᠬᠢᠷᠭᠠᠨ ᠤ ᠰᠢᠳᠬᠡᠯ ᠤᠨ | ᠲᠦᠷ ᠬᠡᠷᠡᠭᠵᠢᠭᠦᠯᠬᠦ ᠠᠷᠭ᠎ᠠ︾ ᠵᠡᠷᠭᠡ ᠪᠢᠴᠢᠭ ᠮᠠᠲ᠋ᠧᠷᠢᠶᠠᠯ ᠢ ᠭᠦᠨᠵᠡᠭᠡᠢ ᠰᠤᠷᠤᠯᠴᠠᠨ ᠣᠶᠢᠯᠠᠭᠠᠬᠤ ᠶᠢᠨ ᠬᠠᠮᠲᠤ ᠥᠪᠡᠷ ᠤᠨ ᠲᠥᠯᠥᠪᠦᠷᠢ ᠲᠠᠢ ᠪᠠᠷ ᠬᠢᠴᠢᠶᠡᠯ | ᠨᠥᠬᠦᠬᠦ ᠦᠶᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠪᠠᠨ ᠦᠨᠡᠨ ᠮᠥᠨ ᠢᠶᠠᠷ ᠨᠢ ᠮᠡᠳᠡᠭᠦᠯᠬᠦ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠬᠠᠮᠲᠤ᠂ ᠠᠵᠢᠯᠯᠠᠬᠤ | ᠳᠤᠭᠤᠶᠢᠯᠠᠩ ᠪᠠᠰᠠ ᠲᠤᠰᠬᠠᠢ ᠶᠠᠷᠢᠯᠴᠠᠬᠤ᠂ ᠠᠰᠠᠭᠤᠯᠲᠠ ᠶᠢᠨ ᠬᠠᠭᠤᠳᠠᠰᠤ ᠪᠠᠷ ᠪᠠᠭᠰᠢ ᠨᠠᠷ ᠢ ᠪᠠᠶᠢᠴᠠᠭᠠᠬᠤ᠂ ᠰᠣᠷᠣᠭᠴᠢ ᠵᠢᠴᠢ ᠴᠠᠬᠢᠯᠭᠠᠨ ᠬᠤᠯᠪᠣᠭᠠᠨ ᠤ | ᠭᠡᠷ ᠤᠨ ᠠᠬᠠᠮᠠᠳ ᠲᠠᠢ ᠨᠢᠭᠤᠷᠲᠠᠨ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠠᠭᠰᠢ ᠶᠢᠨ ᠬᠢᠴᠢᠶᠡᠯ ᠨᠥᠬᠦᠵᠦ ᠪᠠᠶᠢᠭ᠎ᠠ ᠪᠠᠶᠢᠳᠠᠯ ᠢ ᠭᠦᠨᠵᠡᠭᠡᠢ | ᠣᠶᠢᠯᠠᠭᠠᠪᠠ᠃ | | | | | | ᠪᠥᠬᠦ ᠲᠠᠯ᠎ᠠ ᠪᠠᠷ ᠥᠪᠡᠷ ᠤᠨ ᠪᠠᠶᠢᠴᠠᠭᠠᠯᠲᠠ ᠬᠢᠬᠦ ᠪᠠᠷ ᠳᠡᠮᠵᠢᠨ᠂ ᠴᠠᠭᠠᠨ ᠪᠠᠯᠭᠠᠰᠤᠨ ᠤ ᠰᠤᠷᠭᠠᠭᠤᠯᠢ ᠳᠤ ᠠᠵᠢᠯ ᠤᠨ ᠪᠠᠶᠢᠷᠢ ᠳᠤ ᠪᠠᠶᠢᠭ᠎ᠠ | ᠪᠠᠭᠰᠢ ᠶᠢᠨ ᠰᠦᠢᠳᠬᠡᠯ ᠬᠤᠷᠢᠶᠠᠵᠤ ᠬᠢᠴᠢᠶᠡᠯ ᠨᠥᠬᠦᠬᠦ ᠦᠶᠯᠡ ᠠᠵᠢᠯᠯᠠᠭ᠎ᠠ ᠣᠷᠣᠰᠢᠵᠤ ᠪᠠᠶᠢᠬᠤ ᠶᠢ ᠣᠯᠵᠤ ᠮᠡᠳᠡᠭᠰᠡᠨ ᠦᠭᠡᠢ᠃ ᠲᠣᠰ ᠤᠳᠠᠭᠠᠨ ᠤ ᠥᠪᠡᠷ ᠤᠨ | ᠪᠠᠶᠢᠴᠠᠭᠠᠯᠲᠠ ᠶᠢᠨ ᠠᠵᠢᠯ ᠨᠢ ᠪᠠᠭᠰᠢ ᠶᠢᠨ ᠰᠠᠬᠢᠯᠭ᠎ᠠ ᠪᠠᠲᠤ ᠶᠢᠨ ᠤᠬᠠᠮᠰᠠᠷ ᠪᠠ ᠬᠠᠤᠯᠢ ᠪᠠᠷ ᠵᠠᠰᠠᠬᠤ ᠦᠵᠡᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ | ᠰᠤᠷᠲᠠᠯ ᠴᠢᠬᠡᠴᠢ ᠣᠪᠣᠷ ᠲᠥᠪ ᠰᠤᠷᠭᠠᠨ ᠬᠥᠮᠦᠵᠢᠯ ᠤᠨ ᠣᠷᠴᠢᠨ ᠨᠥᠬᠦᠴᠡᠯ ᠢ ᠪᠣᠶ ᠪᠣᠯᠭᠠᠪᠠ᠃ | ᠰᠢᠨ᠎ᠡ ᠪᠠᠷᠭᠤ ᠵᠡᠭᠦᠨ ᠬᠤᠰᠢᠭᠤᠨ ᠤ ᠴᠠᠭᠠᠨ ᠪᠠᠯᠭᠠᠰᠤᠨ ᠤ ᠰᠤᠷᠭᠠᠭᠤᠯᠢ ᠲᠤᠰ ᠤᠳᠠᠭ᠎ᠠ ᠶᠢᠨ ᠥᠪᠡᠰᠦᠪᠡᠨ ᠪᠠᠶᠢᠴᠠᠭᠠᠬᠤ ᠠᠵᠢᠯ ᠢᠶᠠᠷ ᠠᠵᠠ | ᠲᠣᠬᠢᠶᠠᠯ ᠪᠣᠯᠭᠠᠵᠤ᠂ ᠪᠠᠭᠰᠢ ᠶᠢᠨ ᠶᠣᠰᠣ ᠰᠤᠷᠲᠠᠬᠤᠨ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠵᠤ᠂ ᠪᠠᠭᠰᠢ ᠶᠢᠨ ᠶᠣᠰᠣ | ᠰᠤᠷᠲᠠᠬᠤᠨ ᠡᠷᠬᠢᠮ ᠳᠡᠭᠡᠳᠦ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠠᠵᠢᠯ ᠤᠨ ᠪᠠᠶᠢᠷᠢ ᠪᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠳᠡᠭ ᠪᠠᠭᠰᠢ ᠶᠢᠨ | ᠡᠩᠨᠡᠭᠡ ᠶᠢ ᠴᠢᠷᠮᠠᠶᠢᠨ ᠪᠠᠶᠢᠭᠤᠯᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ | ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠣᠯᠣᠨ ᠵᠠᠯᠭᠠᠮᠵᠢᠯᠠᠭᠴᠢ ᠶᠢ ᠬᠥᠮᠥᠵᠢᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ᠃ | | |