ᠲᠡᠭᠦᠰᠬᠦ ᠠᠩᠭᠢ ᠶᠢᠨ ᠵᠢᠭᠠᠨ ᠰᠤᠷᠭᠠᠯᠲᠠ ᠶᠢᠨ ᠪᠠᠶᠢᠳᠠᠯ ᠢ ᠨᠠᠩ ᠣᠨᠣᠪᠴᠢᠲᠠᠶ ᠠᠵᠢᠭᠯᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠥᠭᠡᠷᠡᠴᠢᠯᠡᠯᠲᠡ ᠶᠢᠨ ᠰᠢᠨ᠎ᠡ ᠥᠷᠢᠰᠦᠯᠳᠦᠭᠡᠨ ᠢ | ᠠᠮᠢᠳᠤᠯᠢᠭ ᠪᠥᠭᠡᠳ ᠪᠦᠲᠦᠮᠵᠢᠲᠡᠶ ᠪᠠᠷ ᠠᠷᠭᠠᠴᠠᠬᠤ ᠶᠢᠨ ᠲᠥᠯᠥᠭᠡ᠂ 4 ᠰᠠᠷ᠎ᠠ ᠶᠢᠨ 9 ᠤ ᠡᠳᠦᠷ᠂ ᠴᠠᠭᠠᠨ ᠪᠠᠯᠭᠠᠰᠤᠨ ᠤ ᠰᠤᠷᠭᠠᠭᠤᠯᠢ ᠲᠡᠭᠦᠰᠬᠦ ᠠᠩᠭᠢ ᠶᠢᠨ | ᠠᠵᠢᠯ ᠤᠨ ᠬᠤᠷᠠᠯ ᠢ ᠨᠠᠷᠢᠨ ᠨᠢᠮᠪᠠᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠲᠣᠰ ᠤᠳᠠᠭᠠᠨ ᠤ ᠬᠤᠷᠠᠯ ᠨᠢ ᠰᠤᠷᠤᠯᠭ᠎ᠠ ᠶᠢᠨ ᠬᠢᠷᠢ ᠲᠦᠪᠰᠢᠨ ᠤ | ᠰᠢᠯᠭᠠᠯᠲᠠ ᠶᠢᠨ ᠵᠣᠬᠢᠴᠠᠬᠤ ᠴᠢᠨᠠᠷ ᠤᠨ ᠰᠢᠯᠭᠠᠯᠲᠠ ᠶᠢᠨ ᠵᠠᠳᠠᠯᠤᠯᠲᠠ ᠶᠢᠨ ᠲᠣᠭᠤᠷᠢᠨ ᠳᠤ ᠶᠠᠪᠤᠭᠳᠠᠵᠤ᠂ ᠲᠠᠷᠠᠭᠠᠴᠢ ᠶᠢᠨ ᠱᠠᠲᠤᠨ ᠤ ᠰᠢᠯᠭᠠᠯᠲᠠ ᠳᠤ ᠪᠡᠯᠡᠳᠬᠡᠬᠦ | ᠴᠢᠭᠯᠡᠯ ᠢ ᠲᠣᠳᠣᠷᠬᠠᠶᠢᠯᠠᠬᠤ ᠶᠢᠨ ᠲᠥᠯᠥᠭᠡ᠂ ᠪᠥᠬᠦ ᠰᠤᠷᠭᠠᠭᠤᠯᠢ ᠶᠢᠨ ᠲᠡᠭᠦᠰᠬᠦ ᠠᠩᠭᠢ ᠶᠢᠨ ᠪᠠᠭᠰᠢ ᠵᠢᠴᠢ ᠰᠤᠷᠭᠠᠭᠤᠯᠢ ᠶᠢᠨ ᠤᠳᠤᠷᠢᠳᠤᠯᠭ᠎ᠠ ᠨᠠᠷ ᠨᠢᠭᠡ | ᠲᠠᠩᠬᠢᠮ ᠳᠤ ᠴᠤᠭᠯᠠᠷᠠᠵᠤ᠂ ᠰᠢᠯᠭᠠᠯᠲᠠ ᠳᠤ ᠪᠡᠯᠡᠳᠬᠡᠬᠦ ᠠᠷᠭ᠎ᠠ ᠪᠣᠳᠣᠯᠭ᠎ᠠ ᠶᠢ ᠬᠠᠮᠲᠤ ᠪᠠᠷ ᠵᠥᠪᠳᠡᠯᠴᠡᠬᠦ ᠪᠠᠷ ᠪᠣᠶ᠃ | ᠠᠩᠭᠢ ᠶᠢᠨ ᠡᠷᠬᠢᠯᠡᠭᠴᠢ ᠡᠩ ᠲᠡᠷᠢᠭᠦᠨ ᠳᠤ ᠲᠣᠰ ᠤᠳᠠᠭᠠᠨ ᠤ ᠥᠪᠡᠷᠲᠡᠭᠡᠨ ᠵᠠᠰᠠᠬᠤ ᠣᠷᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠵᠣᠬᠢᠴᠠᠬᠤ ᠴᠢᠨᠠᠷ ᠤᠨ ᠰᠢᠯᠭᠠᠯᠲᠠ ᠶᠢᠨ ᠡᠯ᠎ᠡ ᠬᠤᠪᠢ ᠣᠯᠣᠭᠰᠠᠨ ᠰᠤᠷᠤᠭᠴᠢᠳ ᠤᠨ ᠲᠠᠷᠬᠠᠯᠲᠠ ᠶᠢᠨ | ᠪᠠᠶᠢᠳᠠᠯ ᠢ ᠨᠠᠷᠢᠨ ᠵᠠᠳᠠᠯᠤᠭᠰᠠᠨ ᠢᠶᠠᠷ ᠪᠠᠷᠠᠬᠤ ᠦᠭᠡᠢ᠂ ᠪᠠᠰᠠ ᠠᠩᠭᠢ ᠶᠢᠨ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ᠂ ᠲᠠᠷᠠᠭᠠᠴᠢ ᠶᠢᠨ ᠠᠵᠢᠯ ᠤᠨ | ᠬᠠᠷᠠᠯᠲᠠ ᠪᠠᠨ ᠲᠣᠳᠣᠷᠬᠠᠢ ᠥᠭᠦᠯᠡᠭᠰᠡᠨ ᠪᠠᠶᠢᠨ᠎ᠠ᠃ ᠡᠭᠦᠨ ᠤ ᠬᠠᠮᠲᠤ᠂ ᠠᠩᠭᠢ ᠶᠢᠨ ᠬᠠᠮᠢᠶᠠᠷᠤᠯᠲᠠ ᠪᠠ ᠵᠢᠭᠠᠨ ᠰᠤᠷᠭᠠᠯᠲᠠ ᠶᠢᠨ ᠳᠡᠭᠡᠭᠰᠢᠯᠡᠯᠲᠡ ᠳᠤ | ᠴᠢᠭᠯᠡᠭᠦᠯᠦᠨ᠂ ᠠᠯᠢ ᠣᠯᠠᠨ ᠪᠣᠳᠠᠲᠠᠢ ᠪᠥᠭᠡᠳ ᠶᠠᠪᠤᠭᠳᠠᠭᠤᠰᠢᠲᠠᠢ ᠠᠷᠭᠠᠴᠠᠬᠤ ᠠᠷᠭ᠎ᠠ ᠬᠡᠮᠵᠢᠶ᠎ᠡ ᠪᠠ ᠠᠵᠢᠯ ᠤᠨ ᠲᠣᠬᠢᠷᠠᠭᠤᠯᠤᠯᠲᠠ ᠶᠢ ᠳᠤᠷᠠᠳᠤᠨ ᠭᠠᠷᠭᠠᠵᠤ᠂ | ᠠᠩᠭᠢ ᠶᠢᠨ ᠰᠢᠯᠭᠠᠯᠲᠠ ᠳᠤ ᠪᠡᠯᠡᠳᠬᠡᠬᠦ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ | | | | | | ᠳᠠᠷᠠᠭ᠎ᠠ ᠪᠠᠷ ᠨᠢ ᠬᠡᠯᠡ ᠪᠢᠴᠢᠭ᠂ ᠲᠣᠭᠠᠨ ᠤ ᠤᠬᠠᠭᠠᠨ᠂ ᠠᠩᠭ᠍ᠯᠢ ᠬᠡᠯᠡ᠂ ᠹᠢᠽᠢᠺ᠂ ᠬᠢᠮᠢ ᠵᠡᠷᠭᠡ ᠬᠢᠴᠢᠶᠡᠯ ᠲᠥᠷᠥᠯ ᠤᠨ ᠪᠠᠭᠰᠢ ᠨᠠᠷ | ᠰᠢᠯᠭᠠᠯᠲᠠ ᠶᠢᠨ ᠬᠠᠷᠢᠭᠤ ᠲᠤᠰᠬᠠᠯ ᠤᠨ ᠦᠷ᠎ᠡ ᠳ᠋ᠦᠩ ᠢ ᠦᠨᠳᠦᠰᠦᠯᠡᠨ᠂ ᠲᠣᠰ ᠬᠢᠴᠢᠶᠡᠯ ᠲᠥᠷᠥᠯ ᠤᠨ ᠣᠨᠴᠠᠯᠢᠭ ᠲᠠᠢ ᠪᠠᠨ ᠨᠢᠭᠲᠠ ᠤᠶᠠᠯᠳᠤᠭᠤᠯᠵᠤ᠂ | ᠣᠳᠣᠬᠠᠨ ᠤ ᠵᠢᠭᠠᠨ ᠰᠤᠷᠭᠠᠯᠲᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠰᠢᠰᠲ᠋ᠧᠮ ᠲᠠᠢ ᠬᠤᠷᠢᠶᠠᠩᠭᠤᠶᠢᠯᠠᠨ ᠳ᠋ᠦᠩᠨᠡᠵᠦ᠂ ᠳᠠᠪᠠᠭᠤᠯᠢᠭ ᠲᠠᠯ᠎ᠠ ᠪᠠ | ᠬᠦᠷᠦᠯᠴᠡᠬᠦ ᠦᠭᠡᠢ ᠲᠠᠯ᠎ᠠ ᠶᠢ ᠭᠦᠨᠵᠡᠭᠡᠢ ᠵᠠᠳᠠᠯᠤᠨ ᠰᠢᠨᠵᠢᠯᠡᠬᠦ ᠶᠢᠨ ᠬᠠᠮᠲᠤ ᠲᠤᠶᠢᠯ ᠤᠨ ᠶᠡᠭᠡ ᠬᠠᠨᠳᠤᠯᠭᠠᠲᠤ ᠴᠢᠨᠠᠷᠲᠠᠢ ᠢᠷᠡᠭᠡᠳᠦᠢ ᠶᠢᠨ ᠵᠢᠭᠠᠨ ᠰᠤᠷᠭᠠᠯᠲᠠ ᠶᠢᠨ | ᠲᠥᠯᠥᠪᠯᠡᠭᠡ ᠪᠠ ᠦᠨᠡᠨ ᠬᠦ ᠬᠡᠷᠡᠭᠵᠢᠭᠦᠯᠵᠦ ᠪᠣᠯᠬᠤᠶᠢᠴᠠ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠢ᠃ ᠰᠤᠷᠭᠠᠭᠤᠯᠢ ᠶᠢᠨ ᠤᠳᠤᠷᠢᠳᠤᠯᠭ᠎ᠠ ᠴᠤ | ᠰᠤᠳᠤᠯᠤᠨ ᠶᠠᠷᠢᠯᠴᠠᠬᠤ ᠠᠵᠢᠯ ᠳᠤ ᠢᠳᠡᠪᠬᠢᠲᠡᠢ ᠣᠷᠣᠯᠴᠠᠵᠤ᠂ ᠪᠠᠭᠰᠢ ᠨᠠᠷ ᠲᠠᠢ ᠲᠡᠭᠦᠰᠬᠦ ᠠᠩᠭᠢ ᠶᠢᠨ ᠵᠢᠭᠠᠨ ᠰᠤᠷᠭᠠᠯᠲᠠ ᠵᠢᠴᠢ ᠰᠢᠯᠢᠳᠡᠭ ᠢ ᠬᠥᠮᠥᠵᠢᠭᠦᠯᠬᠦ᠂ | ᠳᠤᠮᠳᠠᠳᠤ ᠶᠢᠨ ᠱᠠᠲᠤᠨ ᠳᠤ ᠳᠡᠪᠰᠢᠭᠦᠯᠬᠦ᠂ ᠬᠦᠴᠢᠷᠳᠡᠯ ᠢ ᠲᠡᠳᠬᠦᠬᠦ ᠵᠡᠷᠭᠡ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠶᠢᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ | ᠬᠤᠷᠠᠯ ᠳᠤ ᠣᠷᠣᠯᠴᠠᠭᠰᠠᠨ ᠪᠠᠭᠰᠢ ᠨᠠᠷ ᠢᠳᠡᠪᠬᠢᠲᠡᠢ ᠪᠠᠷ ᠶᠠᠷᠢᠶ᠎ᠠ ᠲᠠᠯᠪᠢᠵᠤ᠂ ᠲᠤᠰ ᠰᠢᠨᠵᠢᠯᠡᠭᠡᠨ ᠤ ᠰᠠᠯᠠᠭ᠎ᠠ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠲᠤᠷᠰᠢᠯᠭ᠎ᠠ ᠪᠣᠯᠣᠨ ᠲᠥᠭᠡᠷᠢᠭᠳᠡᠯ ᠢᠶᠠᠨ ᠬᠤᠪᠢᠶᠠᠯᠴᠠᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠯ᠎ᠠ᠃ | | | | | | ᠡᠴᠦᠰ ᠲᠤ᠂ ᠲᠤᠬᠠᠶᠢᠯᠠᠭᠰᠠᠨ ᠠᠵᠢᠯ ᠤᠨ ᠳᠡᠳ᠋ ᠵᠠᠬᠢᠷᠤᠯ ᠲᠣᠰ ᠤᠳᠠᠭᠠᠨ ᠤ ᠬᠤᠷᠠᠯᠳᠤᠭᠠᠨ ᠳᠤ ᠪᠥᠬᠦ ᠲᠠᠯ᠎ᠠ ᠶᠢᠨ ᠳ᠋ᠦᠩᠨᠡᠯᠲᠡ ᠬᠢᠭᠰᠡᠨ ᠪᠠᠶᠢᠨ᠎ᠠ᠃ | ᠲᠡᠷᠡ ᠴᠢᠬᠤᠯᠠᠴᠢᠯᠠᠭᠰᠠᠨ ᠨᠢ᠂ ᠲᠡᠭᠦᠰᠬᠦ ᠠᠩᠭᠢ ᠶᠢᠨ ᠬᠢᠨ ᠡᠷᠬᠡᠪᠰᠢ ᠬᠦᠴᠦᠷᠬᠡᠭ ᠶᠡᠭᠡ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠨᠢᠭᠲᠠ ᠴᠢᠩᠭ᠎ᠠ ᠨᠡᠶᠢᠯᠡᠮᠡᠯ | ᠬᠦᠴᠦᠨ ᠢ ᠪᠦᠷᠢᠯᠳᠦᠭᠦᠯᠬᠦ ᠬᠡᠷᠡᠭᠲᠡᠢ᠃ ᠣᠳᠣᠬᠠᠨ ᠤ ᠰᠢᠯᠭᠠᠯᠲᠠ ᠳᠤ ᠪᠡᠯᠡᠳᠬᠡᠬᠦ ᠵᠠᠩᠭᠢᠯᠠᠭ᠎ᠠ ᠶᠢᠨ ᠱᠠᠲᠤᠨ ᠳᠤ᠂ ᠡᠯ᠎ᠡ ᠰᠢᠨᠵᠢᠯᠡᠭᠡᠨ ᠤ ᠰᠠᠯᠠᠭ᠎ᠠ ᠶᠢᠨ ᠪᠠᠭᠰᠢ ᠨᠠᠷ | ᠰᠢᠨᠵᠢᠯᠡᠭᠡᠨ ᠤ ᠰᠠᠯᠠᠭ᠎ᠠ ᠶᠢᠨ ᠬᠤᠭᠤᠷᠣᠨᠳᠣᠬᠢ ᠦᠦᠯ ᠤᠨ ᠵᠠᠭᠠᠭ ᠬᠢᠵᠠᠭᠠᠷ ᠢ ᠵᠣᠷᠢᠭᠲᠠᠢ ᠪᠠᠷ ᠰᠢᠪᠲᠤᠯᠵᠤ᠂ ᠰᠢᠨᠵᠢᠯᠡᠭᠡᠨ ᠤ ᠰᠠᠯᠠᠭ᠎ᠠ ᠠᠯᠤᠰᠯᠠᠭᠰᠠᠨ ᠵᠢᠭᠠᠨ | ᠰᠤᠳᠤᠯᠬᠤ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠬᠦ᠂ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠭᠦᠨᠵᠡᠭᠡᠢ ᠠᠭᠤᠰᠤᠯᠴᠠᠬᠤ ᠶᠢ ᠪᠡᠶᠡᠯᠡᠭᠦᠯᠬᠦ ᠬᠡᠷᠡᠭᠲᠡᠢ᠃ ︽ᠪᠥᠬᠦ ᠠᠵᠢᠯᠲᠠᠨ ᠬᠥᠮᠥᠨ ᠢ ᠬᠥᠮᠥᠵᠢᠭᠦᠯᠬᠦ︾ ᠲᠡᠷᠢᠭᠦᠨ ᠤ | ᠣᠨᠣᠯᠵᠢᠬᠤᠨ ᠢᠶᠠᠷ ᠵᠢᠯᠣᠭᠤᠳᠤᠯᠭ᠎ᠠ ᠪᠣᠯᠭᠠᠵᠤ᠂ ᠳᠠᠪᠲᠠᠬᠤ ᠪᠠ ᠰᠢᠯᠭᠠᠯᠲᠠ ᠳᠤ ᠪᠡᠯᠡᠳᠬᠡᠬᠦ ᠠᠵᠢᠯ ᠢ ᠪᠥᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠰᠢᠨᠵᠢᠯᠡᠭᠡᠨ ᠤ | ᠰᠠᠯᠠᠭ᠎ᠠ ᠶᠢᠨ ᠮᠡᠳᠡᠯᠭᠡ ᠶᠢ ᠰᠢᠰᠲ᠋ᠧᠮᠵᠢᠭᠦᠯᠦᠨ ᠡᠮᠬᠢᠯᠡᠬᠦ ᠶᠢ ᠨᠠᠷᠢᠨ ᠨᠢᠮᠪᠠᠢ ᠰᠠᠶᠢᠲᠤᠷ ᠬᠢᠵᠦ᠂ ᠪᠦᠷᠢᠨ ᠪᠦᠲᠦᠨ ᠮᠡᠳᠡᠯᠭᠡ ᠶᠢᠨ ᠰᠢᠰᠲ᠋ᠧᠮ ᠢ ᠪᠠᠶᠢᠭᠤᠯᠬᠤ ᠪᠠᠷ | ᠪᠠᠷᠠᠬᠤ ᠦᠭᠡᠢ᠂ ᠨᠠᠩ ᠴᠤ ᠰᠢᠨᠵᠢᠯᠡᠭᠡᠨ ᠤ ᠰᠠᠯᠠᠭ᠎ᠠ ᠶᠢᠨ ᠬᠤᠭᠤᠷᠣᠨᠳᠣᠬᠢ ᠰᠣᠯᠪᠢᠴᠠᠨ ᠨᠡᠪᠴᠢᠬᠦ ᠶᠢ ᠳᠡᠭᠡᠳᠦ ᠬᠡᠮᠵᠢᠶ᠎ᠡ ᠪᠠᠷ ᠠᠩᠬᠠᠷᠴᠤ᠂ ᠰᠤᠷᠤᠭᠴᠢᠳ ᠤᠨ | ᠶᠡᠷᠦᠩᠬᠡᠶᠢᠯᠡᠭᠰᠡᠨ ᠬᠡᠷᠡᠭᠯᠡᠭᠡᠨ ᠤ ᠴᠢᠳᠠᠪᠤᠷᠢ ᠶᠢ ᠬᠥᠮᠥᠵᠢᠭᠦᠯᠬᠦ ᠬᠡᠷᠡᠭᠲᠡᠢ᠃ ᠡᠭᠦᠨ ᠠᠴᠠ ᠭᠠᠳᠠᠨ᠎ᠠ᠂ ᠲᠡᠷᠡ ᠪᠠᠰᠠ ᠰᠤᠷᠤᠯᠭ᠎ᠠ ᠶᠢᠨ ᠬᠠᠷᠠᠯᠲᠠ ᠳᠤ ᠪᠥᠬᠦ | ᠬᠦᠴᠦᠨ ᠢᠶᠠᠷ ᠢᠶᠠᠨ ᠰᠢᠪᠲᠤᠯᠤᠯᠲᠠ ᠬᠢᠬᠦ ᠶᠠᠪᠤᠴᠠ ᠳᠤ ᠡᠷᠬᠡᠪᠰᠢ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠲᠡᠷᠢᠭᠦᠨ ᠪᠠᠶᠢᠷᠢᠨ ᠳᠤ ᠲᠠᠯᠪᠢᠬᠤ | ᠬᠡᠷᠡᠭᠲᠡᠢ ᠭᠡᠵᠦ ᠣᠨᠴᠠᠭᠠᠶᠢᠯᠠᠨ ᠵᠢᠭᠠᠵᠤ ᠭᠠᠷᠭᠠᠵᠠᠢ᠃ ᠠᠩᠭᠢ ᠶᠢᠨ ᠡᠷᠬᠢᠯᠡᠭᠴᠢ ᠪᠣᠯᠣᠨ ᠬᠢᠴᠢᠶᠡᠯ ᠬᠥᠮᠦᠵᠢᠯ ᠤᠨ ᠪᠠᠭᠰᠢ ᠨᠠᠷ ᠰᠤᠷᠤᠭᠴᠢᠳ ᠤᠨ ᠰᠤᠷᠤᠯᠭ᠎ᠠ ᠶᠢᠨ | ᠪᠠᠶᠢᠳᠠᠯ ᠪᠣᠯᠣᠨ ᠰᠡᠳᠬᠢᠴᠡ ᠶᠢᠨ ᠬᠤᠪᠢᠷᠠᠯᠲᠠ ᠶᠢ ᠨᠢᠭᠲᠠ ᠠᠩᠬᠠᠷᠴᠤ᠂ ᠰᠤᠷᠤᠯᠴᠠᠬᠤ ᠴᠠᠭ ᠢ ᠵᠣᠬᠢᠰᠲᠠᠢ ᠲᠣᠬᠢᠷᠠᠭᠤᠯᠤᠨ᠂ ᠰᠤᠷᠤᠭᠴᠢᠳ ᠢ ᠬᠥᠲᠥᠯᠥᠨ | ᠵᠢᠯᠤᠭᠤᠳᠴᠤ ᠪᠠᠶᠢᠭᠠᠳ ᠠᠵᠢᠯᠯᠠᠵᠤ ᠠᠮᠠᠷᠠᠬᠤ ᠶᠢ ᠤᠶᠠᠯᠳᠤᠭᠤᠯᠵᠤ᠂ ᠰᠤᠷᠤᠭᠴᠢᠳ ᠤᠨ ᠴᠤᠭ ᠵᠢᠪᠬᠤᠭ᠎ᠠ ᠲᠡᠭᠦᠯᠳᠡᠷ ᠣᠶᠤᠨ ᠰᠠᠨᠠᠭᠠᠨ ᠤ ᠪᠠᠶᠢᠳᠠᠯ ᠪᠣᠯᠣᠨ | ᠢᠳᠡᠪᠬᠢᠲᠡᠢ ᠣᠪᠣᠷ ᠢᠶᠠᠷ ᠤᠳᠠᠯ ᠦᠭᠡᠢ ᠬᠦᠷᠴᠦ ᠢᠷᠡᠬᠦ ᠰᠢᠯᠭᠠᠯᠲᠠ ᠥᠷᠢᠰᠦᠯᠳᠦᠭᠡᠨ ᠢ ᠤᠭᠲᠤᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠲᠣᠰ ᠤᠳᠠᠭᠠᠨ ᠤ ᠬᠤᠷᠠᠯ ᠨᠢ ᠬᠢᠷᠢ ᠪᠦᠲᠦᠮᠵᠢ ᠪᠠᠷ ᠴᠢᠬᠤᠯᠠ ᠯᠠᠪᠯᠠᠯᠲᠠ ᠪᠣᠯᠭᠠᠵᠤ᠂ ᠠᠰᠠᠭᠤᠳᠠᠯ ᠢᠶᠠᠷ ᠲᠣᠳᠣᠷᠬᠠᠢ ᠤᠳᠤᠷᠢᠳᠤᠮᠵᠢ ᠪᠣᠯᠭᠠᠵᠤ᠂ | ᠲᠡᠭᠦᠰᠬᠦ ᠠᠩᠭᠢ ᠶᠢᠨ ᠵᠢᠭᠠᠨ ᠰᠤᠷᠭᠠᠯᠲᠠ ᠶᠢᠨ ᠪᠦᠯᠬᠦᠮ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠢᠲᠡᠭᠡᠯ ᠵᠣᠷᠢᠭ ᠣᠯᠭᠤᠭᠰᠠᠨ ᠪᠠᠶᠢᠨ᠎ᠠ᠃ ᠪᠥᠬᠦ ᠪᠠᠭᠰᠢ | ᠨᠠᠷ ᠡᠭᠦᠨ ᠢᠶᠠᠷ ᠠᠵᠠ ᠲᠣᠬᠢᠶᠠᠯ ᠪᠣᠯᠭᠠᠵᠤ᠂ ᠡᠯ᠎ᠡ ᠵᠦᠢᠯ ᠤᠨ ᠰᠢᠯᠭᠠᠯᠲᠠ ᠳᠤ ᠪᠡᠯᠡᠳᠬᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ | ᠨᠠᠷᠢᠯᠢᠭ ᠣᠨᠣᠴᠠᠲᠠᠢ ᠪᠠᠷ ᠬᠦᠴᠦᠯᠡᠨ ᠴᠢᠷᠮᠠᠶᠢᠵᠤ᠂ ᠰᠤᠷᠤᠭᠴᠢᠳ ᠤᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠳᠤ ᠰᠢᠯᠢᠳᠡᠭ ᠬᠢᠷᠢ ᠪᠦᠲᠦᠮᠵᠢ | ᠣᠯᠬᠤ ᠳᠤ ᠪᠥᠬᠦ ᠬᠦᠴᠦᠨ ᠢᠶᠠᠷ ᠢᠶᠠᠨ ᠬᠦᠴᠦ ᠨᠡᠮᠡᠷᠢᠯᠡᠵᠦ᠂ ᠰᠡᠳᠬᠢᠯ ᠬᠠᠨᠤᠮᠵᠢᠲᠠᠶ ᠰᠢᠯᠭᠠᠯᠲᠠ ᠶᠢᠨ ᠬᠠᠭᠤᠳᠠᠰᠤ ᠲᠤᠰᠢᠶᠠᠬᠤ ᠪᠣᠯᠣᠨ᠎ᠠ᠃ | | |