2025 ᠣᠨ ᠤ 4 ᠰᠠᠷ᠎ᠠ ᠳᠤ᠂ ᠪᠦᠬᠦ ᠤᠯᠤᠰ ᠤᠨ 37 ᠳ᠋ᠤᠭᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢ ᠤᠭᠲᠤᠨ ᠠᠪᠴᠠᠢ᠃ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠠᠷᠢᠭᠤᠨ ᠴᠡᠪᠡᠷ᠂ ᠡᠷᠡᠭᠦᠯ ᠰᠠᠷᠠᠭᠤᠯ | ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠶᠢᠨ ᠲᠥᠯᠥᠭᠡ᠂ ᠴᠠᠭᠠᠨ ᠪᠠᠯᠭᠠᠰᠤᠨ ᠤ ᠬᠢᠨ ︽ᠠᠷᠢᠭᠤᠨ | ᠴᠡᠪᠡᠷ ᠢ ᠬᠠᠶᠢᠷᠠᠯᠠᠬᠤ ᠰᠢᠨ᠎ᠡ ᠬᠠᠭᠤᠳᠠᠰᠤ ᠶᠢᠨ ᠡᠷᠡᠭᠦᠯ ᠰᠠᠷᠠᠭᠤᠯ ︿ᠰᠡᠳᠬᠢᠯ﹀ᠠᠮᠢᠳᠤᠷᠠᠯ︾ ᠭᠡᠬᠦ ᠭᠤᠣᠯ ᠰᠡᠳᠦᠪ ᠲᠠᠢ ᠨᠢᠭᠲᠠ ᠤᠶᠠᠯᠳᠤᠭᠤᠯᠵᠤ᠂ ᠡᠯ᠎ᠡ | ᠨᠢᠭᠡᠴᠡ ᠶᠢ ᠢᠳᠡᠪᠬᠢᠲᠡᠢ ᠵᠣᠬᠢᠶᠠᠨ ᠪᠠᠶᠢᠭᠤᠯᠤᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ | ᠠᠵᠢᠯᠯᠠᠭ᠎ᠠ ᠳᠤ ᠣᠷᠣᠯᠴᠠᠭᠤᠯᠵᠤ᠂ ᠪᠦᠬᠦ ᠪᠠᠯᠭᠠᠰᠤᠨ ᠤ ᠬᠡᠪᠴᠢᠶᠡᠨ ᠳᠤ ᠪᠦᠬᠦ ᠠᠷᠠᠳ ᠢᠶᠠᠷ ᠢᠶᠠᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢ ᠠᠩᠬᠠᠷᠬᠤ ᠬᠠᠯᠠᠭᠤᠨ | ᠥᠷᠨᠢᠯᠲᠡ ᠶᠢ ᠴᠢᠨᠠᠭᠰᠢᠳᠠ ᠥᠷᠨᠢᠭᠦᠯᠬᠦ ᠪᠠᠷ ᠴᠢᠷᠮᠠᠶᠢᠪᠠ᠃ | | | | | ᠠᠵᠢᠯᠯᠠᠭ᠎ᠠ ᠶᠢᠨ ᠬᠤᠭᠤᠴᠠᠭᠠᠨ ᠳᠤ᠂ ᠡᠯ᠎ᠡ ᠨᠢᠭᠡᠴᠡ ᠶᠢᠨ ᠬᠢᠨ ᠢᠳᠡᠪᠬᠢᠲᠡᠢ ᠪᠠᠷ ᠴᠤᠤᠷᠢᠶᠠᠲᠤᠨ ᠳᠠᠭᠠᠵᠤ᠂ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠬᠥᠳᠡᠯᠭᠡᠭᠡᠨ ᠤ ᠰᠢᠳᠤᠷᠭᠤ ᠣᠷᠣᠯᠴᠠᠭᠴᠢ ᠪᠣᠯᠵᠤ᠂ ᠦᠨᠡᠨ ᠪᠣᠳᠠᠲᠠᠢ ᠠᠵᠢᠯᠯᠠᠭ᠎ᠠ ᠪᠠᠷ ᠢᠶᠠᠨ ᠪᠣᠯᠪᠠᠰᠤᠨ ᠰᠢᠨ᠎ᠡ ᠬᠡᠪ ᠰᠤᠷᠲᠠᠯ ᠢ ᠲᠠᠶᠢᠯᠪᠤᠷᠢᠯᠠᠪᠠ᠃ | ᠤᠯᠠᠨ ᠢᠶᠠᠷ ᠢᠶᠠᠨ ᠭᠠᠷ ᠲᠠᠭᠠᠨ ᠴᠡᠪᠡᠷᠯᠡᠬᠦ ᠪᠠᠭᠠᠵᠢ ᠬᠡᠷᠡᠭᠰᠡᠯ ᠢᠶᠠᠨ ᠪᠠᠷᠢᠵᠤ᠂ ᠥᠪᠡᠷ ᠥᠪᠡᠷ ᠤᠨ ᠬᠤᠪᠢᠶᠠᠨ ᠡᠭᠦᠷᠭᠡᠯᠡᠬᠦ ᠲᠣᠭᠤᠷᠢᠭ ᠲᠠᠭᠠᠨ ᠨᠠᠷᠢᠨ ᠨᠢᠮᠪᠠᠢ | ︽ᠬᠡᠪᠢᠰ ᠮᠠᠶ᠋ᠢᠭ︾ ᠤᠨ ᠴᠡᠪᠡᠷᠯᠡᠯᠲᠡ ᠬᠢᠵᠦ᠂ ︽ᠡᠳᠦᠷ ᠤᠨ ᠭᠠᠷᠤᠯᠲᠠ ᠶᠢ ᠡᠳᠦᠷ ᠲᠤ ᠢᠯᠭᠠᠷᠠᠭᠤᠯᠬᠤ︾ ᠵᠠᠷᠴᠢᠮ ᠢ ᠪᠠᠷᠢᠮᠲᠠᠯᠠᠨ᠂ ᠠᠷᠤ ᠲᠠᠯ᠎ᠠ ᠶᠢᠨ | ᠦᠢᠯᠡᠴᠢᠯᠡᠭᠡᠨ ᠤ ᠰᠠᠯᠠᠭ᠎ᠠ ᠮᠥᠴᠢᠷ ᠤᠨ ᠠᠵᠢᠯᠲᠠᠨ ᠪᠣᠯᠣᠨ ᠲᠡᠷᠭᠡ ᠬᠥᠰᠬᠡ ᠶᠢ ᠦᠳᠲᠡᠷ ᠲᠦᠷᠭᠡᠨ ᠲᠣᠬᠢᠷᠠᠭᠤᠯᠵᠤ᠂ ᠬᠤᠭ ᠨᠣᠪᠰᠢ ᠶᠢ ᠴᠡᠪᠡᠷᠯᠡᠨ | ᠲᠡᠭᠡᠭᠡᠪᠦᠷᠢᠯᠡᠵᠦ ᠬᠤᠷᠢᠶᠠᠨ ᠠᠪᠬᠤ ᠠᠵᠢᠯ ᠢ ᠡᠮᠬᠢ ᠴᠡᠭᠴᠡ ᠲᠠᠢ ᠲᠥᠪᠯᠡᠷᠡᠭᠦᠯᠦᠨ ᠥᠷᠨᠢᠭᠦᠯᠪᠡ᠃ ᠲᠤᠬᠠᠢ ᠶᠢᠨ ᠲᠠᠯᠠᠪᠠᠢ ᠶᠢᠨ ᠠᠵᠢᠯ ᠤᠨ ᠬᠤᠪᠢᠶᠠᠷᠢᠯᠠᠯ | ᠲᠣᠳᠣᠷᠬᠠᠢ ᠪᠠᠶᠢᠵᠤ᠂ ᠤᠯᠠᠨ ᠢᠶᠠᠷ ᠢᠶᠠᠨ ᠰᠡᠳᠬᠢᠯ ᠰᠠᠨᠠᠭ᠎ᠠ ᠪᠠᠨ ᠣᠯᠣᠯᠴᠠᠨ ᠬᠠᠮᠵᠢᠯᠴᠠᠵᠤ᠂ ᠪᠤᠵᠠᠷᠲᠤᠬᠤ ᠠᠴᠠ ᠠᠶᠤᠬᠤ ᠦᠭᠡᠢ᠂ ᠶᠠᠳᠠᠷᠠᠬᠤ ᠠᠴᠠ ᠠᠶᠤᠬᠤ | ᠦᠭᠡᠢ ᠰᠢᠯᠢᠳᠡᠭ ᠤᠯᠠᠮᠵᠢᠯᠠᠯ ᠢᠶᠠᠨ ᠭᠦᠢᠴᠡᠳ ᠪᠠᠳᠠᠷᠠᠭᠤᠯᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ | ᠵᠠᠰᠠᠬᠤ ᠠᠵᠢᠯ ᠳᠤ ᠣᠷᠣᠯᠴᠠᠪᠠ᠃ ᠤᠯᠠᠨ ᠤ ᠬᠠᠮᠲᠤ ᠶᠢᠨ ᠴᠢᠷᠮᠠᠶᠢᠯᠭ᠎ᠠ ᠪᠠᠷ᠂ ᠲᠤᠰ ᠤᠳᠠᠭ᠎ᠠ ᠶᠢᠨ ᠠᠵᠢᠯᠯᠠᠭ᠎ᠠ ᠢᠯᠡᠳᠲᠡ ᠦᠷ᠎ᠡ ᠪᠦᠲᠦᠮᠵᠢ ᠣᠯᠪᠠ᠄ ᠨᠡᠶᠢᠳᠡ | 150 ᠭᠠᠷᠤᠢ ᠬᠥᠮᠥᠨ ᠤᠳᠠᠭ᠎ᠠ ᠶᠢ ᠬᠥᠳᠡᠯᠭᠡᠵᠦ᠂ ᠨᠡᠶᠢᠳᠡ 20 ᠲᠣᠨ ᠬᠤᠭ ᠨᠣᠪᠰᠢ ᠶᠢ ᠴᠡᠪᠡᠷᠯᠡᠵᠦ᠂ 150 ᠤᠭᠤᠲᠠ ᠴᠠᠭᠠᠨ ᠬᠤᠭ ᠨᠣᠪᠰᠢ ᠴᠤᠭᠯᠠᠭᠤᠯᠵᠤ | ᠂ 44 ᠬᠤᠪᠢᠶᠠᠨ ᠡᠭᠦᠷᠭᠡᠯᠡᠬᠦ ᠲᠣᠭᠤᠷᠢᠭ ᠤᠨ ᠬᠠᠭᠤᠴᠢᠨ ᠳᠦᠷᠰᠦ ᠪᠠᠶᠢᠳᠠᠯ ᠰᠢᠨ᠎ᠡ ᠳᠦᠷᠰᠦ ᠪᠠᠶᠢᠳᠠᠯ ᠲᠠᠢ ᠪᠣᠯᠵᠤ᠂ ᠴᠡᠪᠡᠷ ᠴᠡᠮᠴᠡᠭᠡᠷ ᠪᠣᠯᠵᠤ᠂ ᠴᠣ᠋ ᠰᠢᠨ᠎ᠡ | ᠪᠠᠶᠢᠳᠠᠯ ᠲᠠᠢ ᠪᠣᠯᠵᠠᠢ᠃ | | | | | | ᠡᠨᠡ ᠤᠳᠠᠭ᠎ᠠ ᠶᠢᠨ ᠠᠵᠢᠯᠯᠠᠭ᠎ᠠᠨᠢ ᠤᠯᠠᠨ ᠤ ᠦᠨᠡᠨ ᠪᠣᠳᠠᠲᠠᠢ ᠬᠥᠳᠡᠯᠮᠦᠷᠢ ᠶᠢᠨ ᠴᠢᠷᠮᠠᠶᠢᠯᠭ᠎ᠠ ᠪᠠᠷ ᠲᠠᠮᠵᠢᠨ᠂ ᠪᠠᠯᠭᠠᠰᠤᠨ ᠤ ᠣᠷᠴᠢᠨ ᠲᠣᠭᠤᠷᠢᠨ ᠤ | ᠡᠷᠡᠭᠦᠯ ᠬᠠᠮᠠᠭᠠᠯᠠᠯ ᠤᠨ ᠪᠠᠶᠢᠳᠠᠯ ᠢ ᠢᠯᠡᠳᠲᠡ ᠰᠠᠶᠢᠵᠢᠷᠠᠭᠤᠯᠤᠭᠰᠠᠨ ᠢᠶᠠᠷ ᠪᠠᠷᠠᠬᠤ ᠦᠭᠡᠢ᠂ ᠨᠡᠩ ᠴᠤ ︽ᠪᠠᠭ᠎ᠠ ᠠᠵᠢᠯᠯᠠᠭ᠎ᠠ︾ ᠪᠠᠷ ︽ᠶᠡᠭᠡ ᠪᠣᠯᠪᠠᠰᠤᠨ︾ ᠢ | ᠲᠠᠶᠢᠴᠢᠯᠠᠵᠤ᠂ ᠥᠷᠭᠡᠨ ᠤᠯᠠᠨ ᠲᠦᠮᠡᠨ ᠢ ᠠᠮᠵᠢᠯᠲᠠ ᠲᠠᠢ ᠪᠠᠷ ᠬᠥᠲᠥᠯᠥᠨ ᠵᠢᠯᠤᠭᠤᠳᠴᠤ ᠪᠠᠶᠢᠭᠠᠳ ᠡᠷᠡᠭᠦᠯ ᠰᠠᠷᠠᠭᠤᠯ ᠠᠮᠢᠳᠤᠷᠠᠯ ᠤᠨ ᠣᠶᠢᠯᠠᠭᠠᠭᠳᠠᠬᠤᠨ ᠢ | ᠪᠠᠲᠤ ᠪᠤᠢ ᠪᠣᠯᠭᠠᠵᠤ᠂ ᠤᠯᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠪᠦᠲᠦᠮᠵᠢᠲᠡᠢ ᠴᠢᠩᠭᠠᠳᠬᠠᠵᠤ᠂ ︽ᠬᠥᠮᠥᠨ ᠪᠦᠬᠦᠨ ᠣᠷᠣᠯᠴᠠᠬᠤ᠂ | ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ︾ ᠬᠠᠷᠢᠭᠤᠴᠠᠯᠭᠠᠲᠤ ᠰᠡᠳᠬᠢᠯᠭᠡ ᠶᠢ ᠲᠤᠶᠢᠯ ᠤᠨ ᠶᠡᠭᠡ ᠪᠠᠷ ᠬᠥᠭᠵᠢᠭᠡᠵᠡᠢ᠃ | | | | | | ᠴᠠᠭᠠᠨ ᠪᠠᠯᠭᠠᠰᠤ ᠲᠤᠰ ᠤᠳᠠᠭ᠎ᠠ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ | ᠦᠷᠭᠦᠯᠵᠢᠯᠡᠨ ᠬᠦᠴᠦᠯᠡᠵᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠭᠦᠨᠵᠡᠭᠡᠶᠢᠷᠡᠨ ᠬᠥᠭᠵᠢᠬᠦ ᠶᠢ ᠲᠠᠰᠤᠷᠠᠯᠲᠠ ᠦᠭᠡᠢ ᠠᠬᠢᠭᠤᠯᠵᠤ᠂ | ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠤᠬᠠᠭᠤᠯᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠰᠦᠯᠵᠢᠶᠡᠨ ᠳᠡᠭᠡᠷᠡᠬᠢ ᠪᠠ | ᠰᠦᠯᠵᠢᠶᠡᠨ ᠭᠠᠳᠠᠨᠠᠬᠢ ᠤᠯᠠᠨ ᠵᠦᠢᠯ ᠤᠨ ᠠᠷᠭ᠎ᠠ ᠵᠠᠮ ᠢ ᠠᠰᠢᠭᠯᠠᠵᠤ᠂ ᠡᠷᠡᠭᠦᠯ ᠮᠡᠨᠳᠦ ᠶᠢᠨ ᠮᠡᠳᠡᠯᠭᠡ ᠪᠣᠯᠣᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠣᠶᠢᠯᠠᠭᠠᠭᠳᠠᠬᠤᠨ ᠢ ᠪᠦᠬᠦ ᠲᠠᠯ᠎ᠠ ᠪᠠᠷ᠂ ᠤᠯᠠᠨ ᠬᠠᠷᠠᠭᠠᠰᠤ ᠠᠴᠠ ᠤᠯᠠᠮᠵᠢᠯᠠᠵᠤ᠂ ᠪᠣᠯᠪᠠᠰᠤᠨ ᠡᠷᠡᠭᠦᠯ ᠠᠮᠢᠳᠤᠷᠠᠯ ᠤᠨ ᠠᠷᠭ᠎ᠠ ᠬᠡᠯᠪᠡᠷᠢ ᠶᠢ ᠬᠥᠮᠥᠰ ᠤᠨ | ᠰᠡᠳᠬᠢᠯ ᠳᠤ ᠬᠠᠳᠠᠩᠰᠢᠭᠤᠯᠤᠨ᠎ᠠ᠃ | | |