ᠰᠢᠨ᠎ᠡ ᠪᠠᠷᠭᠤ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2025 ᠣᠨ ᠤ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠵᠢᠴᠢ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠲᠤᠰᠬᠠᠢ ᠰᠡᠳᠦᠪᠲᠦ ᠲᠣᠭᠤᠷᠢᠨ ᠦᠵᠡᠵᠦ ᠰᠤᠷᠤᠯᠴᠠᠬᠤ ᠠᠵᠢᠯᠯᠠᠭ᠎ᠠ ᠡᠷᠬᠢᠯᠡᠪᠡ
ᠨᠡᠶᠢᠲᠡᠯᠡᠭᠰᠡᠨ ᠴᠠᠭ᠄
2025/4/15
          ᠤᠯᠤᠰ ᠠᠮᠤᠷ ᠲᠦᠪᠰᠢᠨ ᠪᠠᠶᠢᠮᠠᠨᠵᠢᠨ ᠰᠠᠶ᠋ᠢ ᠤᠯᠤᠰ ᠢ ᠵᠠᠰᠠᠵᠤ ᠴᠢᠳᠠᠨ᠎ᠠ᠂ ᠤᠯᠤᠰ ᠢ ᠵᠠᠰᠠᠬᠤ ᠳᠤ ᠡᠷᠬᠡᠪᠰᠢ ᠤᠷᠢᠳ ᠢᠶᠠᠷ ᠠᠮᠤᠷ ᠢ ᠬᠠᠮᠠᠭᠠᠯᠠᠨ᠎ᠠ᠃ ᠡᠨᠡ ᠵᠢᠯ ᠤᠨ 4 ᠰᠠᠷ᠎ᠠ ᠶᠢᠨ15 ᠤ ᠡᠳᠦᠷ ᠪᠣᠯ ᠠᠷᠪᠠᠳᠤᠭᠠᠷ ᠤᠳᠠᠭᠠᠨ ᠤ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠪᠣᠯᠣᠨ᠎ᠠ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠤᠯᠤᠰ ᠤᠨ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠴᠢᠳᠠᠪᠤᠷᠢ ᠪᠠ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠭᠡᠰᠢᠭᠦᠳ ᠬᠥᠯᠥᠨ ᠪᠤᠶᠢᠷ ᠬᠤᠲᠠ ᠶᠢᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠰᠠᠭᠤᠷᠢᠨ ᠭᠠᠵᠠᠷ ᠲᠤ ᠬᠦᠷᠴᠦ ᠬᠠᠮᠲᠤ ᠪᠠᠷ ᠲᠣᠭᠤᠷᠢᠨ ᠦᠵᠡᠵᠦ ᠰᠤᠷᠤᠯᠴᠠᠪᠠ᠃
20250415-1-1.png
                   ᠠᠵᠢᠯᠯᠠᠭ᠎ᠠ ᠶᠢᠨ ᠳᠤᠮᠳᠠ᠂ ᠭᠤᠣᠯ ᠳᠤᠭᠤᠶᠢᠯᠠᠩ ᠤᠨ ᠪᠦᠷᠢᠯᠳᠦᠭᠦᠨ ᠨᠠᠷ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠵᠢᠴᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠩᠨᠠᠭᠤᠯ ᠢ ᠡᠰᠡᠷᠭᠦᠴᠡᠬᠦ ᠬᠠᠤᠯᠢ︾ ᠵᠡᠷᠭᠡ ᠠᠭᠤᠯᠭ᠎ᠠ ᠶᠢ ᠭᠦᠨᠵᠡᠭᠡᠢ ᠰᠤᠷᠤᠯᠴᠠᠪᠠ᠃ ᠭᠤᠣᠯ ᠳᠤᠭᠤᠶᠢᠯᠠᠩ ᠤᠨ ᠪᠦᠷᠢᠯᠳᠦᠭᠦᠨ ᠤᠬᠠᠭᠤᠯᠭ᠎ᠠ ᠶᠢᠨ ᠰᠠᠮᠪᠠᠷ᠎ᠠ ᠶᠢ ᠲᠣᠭᠤᠷᠢᠨ ᠦᠵᠡᠬᠦ᠂ ᠲᠤᠰᠬᠠᠢ ᠮᠡᠷᠭᠡᠵᠢᠯ ᠤᠨ ᠲᠠᠶᠢᠯᠤᠮᠵᠢ ᠶᠢ ᠰᠣᠨᠣᠰᠬᠤ ᠵᠡᠷᠭᠡ ᠬᠡᠯᠪᠡᠷᠢ ᠪᠠᠷ ᠣᠳᠣᠬᠠᠨ ᠤ ᠤᠯᠤᠰ ᠤᠨ ᠠᠮᠤᠷ ᠲᠦᠪᠰᠢᠨ ᠤ ᠪᠠᠶᠢᠳᠠᠯ ᠳᠤ ᠨᠡᠩ ᠭᠦᠨᠵᠡᠭᠡᠢ ᠲᠠᠨᠢᠯᠲᠠ ᠲᠠᠢ ᠪᠣᠯᠵᠤ᠂ ᠤᠯᠤᠰ ᠤᠨ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠪᠠ ᠡᠰᠡᠷᠭᠦᠴᠡᠬᠦ ᠴᠢᠳᠠᠪᠤᠷᠢ ᠪᠣᠯᠣᠨ ᠬᠢᠷᠢ ᠲᠦᠪᠰᠢᠨ ᠢᠶᠠᠨ ᠳᠡᠭᠡᠭᠰᠢᠯᠡᠭᠦᠯᠵᠡᠢ᠃          ᠸᠠᠩ ᠨᠠᠢ ᠪᠢᠨ ᠴᠢᠬᠤᠯᠠᠴᠢᠯᠠᠭᠰᠠᠨ ᠨᠢ᠂ ᠬᠢᠯᠢ ᠬᠢᠵᠠᠭᠠᠷ ᠲᠤ ᠪᠠᠭ᠎ᠠ ᠶᠠᠪᠤᠳᠠᠯ ᠭᠡᠵᠦ ᠦᠭᠡᠢ᠂ ᠶᠠᠪᠤᠳᠠᠯ ᠪᠦᠬᠦᠨ ᠲᠥᠪ ᠲᠠᠢ ᠬᠤᠯᠪᠣᠭᠳᠠᠨ᠎ᠠ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠵᠤ᠂ ᠤᠯᠤᠰ ᠤᠨ ᠠᠮᠤᠷ ᠲᠦᠪᠰᠢᠨ ᠤ ᠪᠠᠶᠢᠳᠠᠯ ᠢ ᠴᠠᠭ ᠢᠮᠠᠭᠲᠠ ᠠᠩᠬᠠᠷᠴᠤ᠂ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ᠂ ᠤᠯᠤᠰ ᠤᠨ ᠨᠢᠭᠤᠴᠠ ᠶᠢ ᠬᠠᠮᠠᠭᠠᠯᠠᠬᠤ ᠡᠭᠦᠷᠭᠡ ᠪᠠᠨ ᠤᠬᠠᠮᠰᠠᠷ ᠠᠴᠠ ᠪᠠᠨ ᠭᠦᠢᠴᠡᠳᠬᠡᠬᠦ ᠬᠡᠷᠡᠭᠲᠡᠢ᠃ ᠤᠯᠤᠰ ᠤᠨ ᠡᠭᠦᠳᠡ ᠶᠢ ᠪᠠᠲᠤ ᠰᠠᠬᠢᠵᠤ᠂ ᠬᠢᠯᠢ ᠬᠢᠵᠠᠭᠠᠷ ᠢ ᠰᠠᠶᠢᠲᠤᠷ ᠬᠠᠮᠢᠶᠠᠷᠴᠤ᠂ ᠰᠡᠷᠭᠡᠶᠢᠯᠡᠯᠲᠡ ᠶᠢᠨ ᠱᠤᠭᠤᠮ ᠢ ᠰᠠᠶᠢᠲᠤᠷ ᠪᠠᠶᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠡᠩᠬᠡ ᠲᠣᠭᠲᠠᠭᠤᠨ ᠤ ᠬᠠᠯᠬᠠᠪᠴᠢ ᠶᠢ ᠰᠠᠶᠢᠲᠤᠷ ᠪᠠᠶᠢᠭᠤᠯᠬᠤ ᠬᠡᠷᠡᠭᠲᠡᠢ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ