ᠬᠡᠷᠡᠭ ᠤᠨ ᠵᠢᠱᠢᠶ᠎ᠡ ᠶᠢᠨ ᠨᠠᠷᠢᠨ ᠪᠠᠶᠢᠳᠠᠯ | ᠰᠢᠦᠢ ᠠᠪᠠᠭ᠋ᠠᠢ ᠪᠣᠯ ᠨᠢᠭᠡᠨ ᠰᠠᠭᠤᠭᠠᠯᠢ ᠠᠷᠠᠳ ᠤᠨ ᠲᠣᠭᠤᠷᠢᠭ ᠤᠨ ᠭᠠᠵᠠᠷ ᠳᠣᠣᠷᠠᠬᠢ A ᠲᠡᠷᠭᠡᠨ ᠵᠣᠭᠰᠣᠭᠠᠯ ᠤᠨ ᠥᠮᠴᠢᠯᠡᠯ ᠤᠨ ᠡᠷᠬᠡᠲᠦ ᠬᠥᠮᠥᠨ᠂ | ᠾᠧᠦ ᠠᠪᠤᠭᠠᠢ ᠪᠣᠯ B ᠲᠡᠷᠭᠡᠨ ᠵᠣᠭᠰᠣᠭᠠᠯ ᠤᠨ ᠥᠮᠴᠢᠯᠡᠯ ᠤᠨ ᠡᠷᠬᠡᠲᠦ ᠬᠥᠮᠥᠨ᠂ A ᠪᠠ B ᠲᠡᠷᠭᠡᠨ ᠵᠣᠭᠰᠣᠭᠠᠯ ᠤᠨ ᠪᠠᠶᠢᠷᠢ ᠨᠢ ᠵᠡᠷᠭᠡᠴᠡᠵᠦ ᠪᠠᠶᠢᠳᠠᠭ᠃ | ᠾᠧᠦ ᠠᠪᠤᠭᠠᠢ ᠠᠴᠠ ᠰᠢᠦᠢ ᠠᠪᠠᠭ᠋ᠠᠢ ᠶᠢ ᠲᠡᠷᠭᠡ ᠪᠠᠨ ᠤᠬᠤᠷᠢᠭᠤᠯᠤᠨ ᠬᠥᠮᠥᠷᠭᠡ ᠳᠤ ᠣᠷᠣᠭᠤᠯᠵᠤ ᠵᠢᠯᠤᠭᠤᠳᠬᠤ ᠮᠡᠷᠭᠡᠵᠢᠯ ᠠᠨᠠᠢ ᠠᠴᠠ ᠪᠣᠯᠵᠤ ᠲᠡᠷᠭᠡᠨ ᠤ | ᠡᠭᠦᠳᠡ ᠪᠠᠨ ᠬᠠᠭᠠᠬᠤ ᠦᠶ᠎ᠡ ᠳᠤ ᠲᠡᠷᠭᠡᠨ ᠤ ᠵᠣᠭᠰᠣᠭᠠᠯ ᠳᠤ ᠲᠠᠯᠪᠢᠵᠤ ᠪᠠᠶᠢᠭᠰᠠᠨ ᠲᠡᠷᠭᠡ ᠶᠢ ᠨᠢ ᠣᠯᠠᠨᠲᠠ ᠵᠢᠷᠤᠵᠤ ᠱᠦᠷᠭᠦᠭᠡᠭᠰᠡᠨ ᠠᠴᠠ ᠡᠳ᠋ ᠬᠥᠷᠥᠩᠭᠡ ᠶᠢ | ᠨᠢ ᠬᠤᠬᠢᠷᠠᠭᠤᠯᠵᠠᠢ ᠬᠡᠮᠡᠨ ᠥᠪᠡᠷ ᠤᠨ ᠲᠡᠷᠭᠡᠨ ᠵᠣᠭᠰᠣᠭᠠᠯ ᠳᠠᠭᠠᠨ ᠬᠤᠶᠠᠷ ᠬᠠᠯᠬᠠᠪᠴᠢ ᠬᠡᠷᠡᠰᠬᠡ ᠨᠡᠮᠡᠵᠦ ᠲᠠᠭᠠᠷᠠᠭᠤᠯᠤᠭᠰᠠᠨ ᠪᠠᠶᠢᠨ᠎ᠠ᠃ ᠰᠢᠦᠢ ᠠᠪᠠᠭ᠋ᠠᠢ ᠶᠢᠨ | ᠦᠵᠡᠬᠦ ᠪᠠᠷ ᠾᠧᠦ ᠠᠪᠤᠭᠠᠢ ᠶᠢᠨ ᠲᠡᠷᠭᠡᠨ ᠡᠭᠦᠳᠡᠨ ᠳᠠᠬᠢ ᠣᠷᠣ ᠮᠥᠷ ᠨᠢ ᠥᠪᠡᠷ ᠤᠨ ᠱᠦᠷᠭᠦᠭᠡᠭᠰᠡᠨ ᠠᠴᠠ ᠪᠣᠯᠤᠭᠰᠠᠨ ᠭᠡᠳᠡᠭ ᠢ ᠭᠡᠷᠡᠴᠢᠯᠡᠬᠦ ᠭᠡᠷᠡᠴᠢ ᠪᠠᠷᠢᠮᠲᠠ | ᠪᠠᠶᠢᠬᠤ ᠦᠭᠡᠢ ᠪᠥᠭᠡᠳ ᠾᠧᠦ ᠠᠪᠤᠭᠠᠢ ᠶᠢᠨ ᠬᠠᠯᠬᠠᠪᠴᠢ ᠬᠡᠷᠡᠰᠬᠡ ᠲᠠᠭᠠᠷᠠᠭᠤᠯᠤᠭᠰᠠᠨ ᠠᠵᠢᠯᠯᠠᠭ᠎ᠠ ᠨᠢ ᠥᠪᠡᠷ ᠤᠨ ᠬᠢᠨᠢ ᠲᠡᠷᠭᠡᠨ ᠤ ᠵᠣᠭᠰᠣᠭᠠᠯ ᠢᠶᠠᠨ | ᠬᠡᠷᠡᠭᠯᠡᠬᠦ ᠶᠢ ᠨᠢ ᠨᠥᠯᠥᠭᠡᠯᠡᠵᠡᠢ᠃ ᠬᠤᠶᠠᠷ ᠲᠠᠯ᠎ᠠ ᠪᠠᠷ ᠢᠶᠠᠨ ᠵᠥᠪᠳᠡᠯᠴᠡᠭᠡᠳ ᠦᠷ᠎ᠡ ᠳ᠋ᠦᠩ ᠭᠠᠷᠤᠭᠰᠠᠨ ᠦᠭᠡᠢ ᠪᠣᠯᠬᠤᠷ ᠰᠢᠦᠢ ᠠᠪᠠᠭ᠋ᠠᠢ ᠾᠧᠦ ᠠᠪᠤᠭᠠᠢ ᠶᠢ ᠭᠦ᠋ | ᠯᠧᠦ ᠶᠢᠨ ᠰᠢᠭᠦᠬᠦ ᠬᠤᠷᠢᠶᠠᠨ ᠳᠤ ᠵᠠᠭᠠᠯᠳᠤᠵᠤ᠂ ᠬᠠᠰᠢᠯᠭ᠎ᠠ ᠶᠢ ᠨᠢ ᠨᠤᠷᠠᠭᠠᠬᠤ ᠲᠠᠰᠤᠯᠤᠯᠳᠡ ᠭᠠᠷᠭᠠᠭᠤᠯᠬᠤ ᠪᠠᠷ ᠭᠤᠶᠤᠴᠢᠯᠠᠪᠠ᠃ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠤᠨ ᠵᠠᠭᠤ ᠭᠤᠴᠢᠨ ᠬᠤᠶᠠᠳᠤᠭᠠᠷ ᠵᠦᠢᠯ ᠪᠠ ᠬᠤᠶᠠᠷ | ᠵᠠᠭᠤ ᠨᠠᠶᠠᠨ ᠨᠠᠢᠮᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ᠢᠷᠭᠡᠨ ᠤ ᠬᠡᠷᠡᠭ ᠤᠨ ᠪᠡᠶᠡᠴᠢ ᠴᠣᠭᠴᠠ ᠢᠷᠭᠡᠨ ᠤ ᠬᠡᠷᠡᠭ ᠤᠨ ᠡᠷᠬᠡ ᠪᠠᠨ ᠳᠤᠷ᠎ᠠ ᠪᠠᠷ ᠢᠶᠠᠨ | ᠬᠡᠷᠡᠭᠯᠡᠨ ᠤᠯᠤᠰ ᠣᠷᠣᠨ ᠤ ᠠᠰᠢᠭ ᠲᠤᠰᠠ᠂ ᠨᠡᠶᠢᠭᠡᠮ ᠨᠡᠶᠢᠲᠡ ᠶᠢᠨ ᠠᠰᠢᠭ ᠲᠤᠰᠠ ᠪᠤᠶᠤ ᠪᠤᠰᠤᠳ ᠬᠥᠮᠥᠨ ᠤ ᠬᠠᠤᠯᠢ ᠶᠣᠰᠣᠨ ᠤ ᠡᠷᠬᠡ ᠠᠰᠢᠭ ᠢ | ᠬᠤᠬᠢᠷᠠᠭᠤᠯᠵᠤ ᠪᠣᠯᠬᠤ ᠦᠭᠡᠢ︔ᠦᠯᠦ ᠬᠥᠳᠡᠯᠬᠦ ᠬᠥᠷᠥᠩᠭᠡ ᠶᠢᠨ ᠬᠥᠷᠰᠢ ᠵᠡᠷᠭᠡᠯᠡᠳᠡᠭᠡ ᠶᠢᠨ ᠡᠷᠬᠡᠲᠦ ᠬᠥᠮᠥᠨ ᠨᠢ ᠦᠢᠯᠡᠳᠪᠦᠷᠢᠯᠡᠯ ᠳᠤ ᠠᠰᠢᠭᠲᠠᠢ᠂ ᠠᠮᠢᠳᠤᠷᠠᠯ ᠳᠤ | ᠲᠦᠭᠦᠮ᠂ ᠪᠦᠯᠬᠦᠮᠳᠡᠨ ᠬᠠᠪᠰᠤᠷᠤᠯᠴᠠᠬᠤ᠂ ᠲᠥᠪ ᠭᠤᠣᠯᠴᠢ ᠵᠦᠢ ᠵᠣᠬᠢᠰᠲᠠᠢ ᠪᠠᠶᠢᠬᠤ ᠵᠠᠷᠴᠢᠮ ᠶᠣᠰᠣᠭᠠᠷ ᠬᠥᠷᠰᠢ ᠵᠡᠷᠭᠡᠯᠡᠳᠡᠭᠡ ᠶᠢᠨ ᠬᠠᠷᠢᠴᠠᠭ᠎ᠠ ᠪᠠᠨ ᠵᠥᠪ ᠢᠶᠠᠷ | ᠰᠢᠢᠳᠪᠦᠷᠢᠯᠡᠬᠦ ᠬᠡᠷᠡᠭᠲᠡᠢ᠃ ᠾᠧᠦ ᠠᠪᠤᠭᠠᠢ ᠬᠡᠳᠦᠶᠢᠪᠡᠷ B ᠲᠡᠷᠭᠡᠨ ᠵᠣᠭᠰᠣᠭᠠᠯ ᠤᠨ ᠬᠠᠤᠯᠢ ᠶᠣᠰᠣᠨ ᠤ ᠡᠷᠬᠡᠲᠦ ᠬᠥᠮᠥᠨ ᠪᠣᠯᠪᠠᠴᠤ᠂ ᠬᠡᠷᠡᠭ ᠤᠨ ᠪᠣᠳᠠᠲᠤ ᠪᠠᠶᠢᠳᠠᠯ | ᠪᠣᠯᠣᠨ ᠠᠮᠢᠳᠤᠷᠠᠯ ᠤᠨ ᠬᠡᠪ ᠤᠨ ᠶᠣᠰᠣ ᠲᠠᠢ ᠤᠶᠠᠯᠳᠤᠭᠤᠯᠪᠠᠯ᠂ ᠾᠧᠦ ᠠᠪᠤᠭᠠᠢ ᠶᠢᠨ ᠬᠠᠯᠬᠠᠪᠴᠢ ᠬᠡᠷᠡᠰᠬᠡ ᠨᠡᠮᠡᠵᠦ ᠲᠠᠭᠠᠷᠠᠭᠤᠯᠤᠭᠰᠠᠨ ᠠᠵᠢᠯᠯᠠᠭ᠎ᠠ ᠨᠢ ᠰᠢᠦᠢ | ᠠᠪᠠᠭ᠋ᠠᠢ ᠶᠢᠨ ᠲᠡᠷᠭᠡᠨ ᠵᠣᠭᠰᠣᠭᠠᠯ ᠳᠤ ᠣᠷᠣᠵᠤ ᠭᠠᠷᠬᠤ ᠵᠢᠴᠢ ᠲᠡᠷᠭᠡᠨ ᠠᠴᠠ ᠪᠠᠭᠤᠬᠤ ᠵᠡᠷᠭᠡ ᠲᠡᠷᠭᠡᠨ ᠵᠣᠭᠰᠣᠭᠠᠯ ᠢ ᠬᠡᠪ ᠢᠶᠠᠷ ᠬᠡᠷᠡᠭᠯᠡᠬᠦ ᠠᠵᠢᠯᠯᠠᠭ᠎ᠠ ᠳᠤ | ᠴᠥᠮ ᠨᠡᠯᠢᠶᠡᠳ ᠶᠡᠭᠡ ᠨᠥᠯᠥᠭᠡ ᠦᠵᠡᠭᠦᠯᠪᠡ᠂ ᠡᠭᠦᠨ ᠤ ᠵᠡᠷᠭᠡ ᠳᠤ ᠡᠨᠡ ᠬᠦ ᠠᠵᠢᠯᠯᠠᠭ᠎ᠠ ᠨᠢ ᠾᠧᠦ ᠠᠪᠤᠭᠠᠢ ᠶᠢᠨ ᠥᠪᠡᠷ ᠤᠨ ᠬᠢᠨᠢ ᠲᠡᠷᠭᠡᠨ ᠵᠣᠭᠰᠣᠭᠠᠯ ᠢ | ᠬᠡᠷᠡᠭᠯᠡᠬᠦ ᠳᠤ ᠴᠤ ᠳᠥᠭᠦᠮ ᠦᠭᠡᠢ ᠪᠣᠯᠭᠠᠵᠤ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢᠨ ᠦᠨᠡᠨᠴᠢ ᠢᠲᠡᠭᠡᠮᠵᠢᠲᠡᠢ ᠪᠠᠶᠢᠬᠤ᠂ ᠨᠥᠬᠦᠷᠰᠡᠭ | ᠪᠠᠶᠢᠬᠤ ᠵᠠᠷᠴᠢᠮ ᠠᠴᠠ ᠲᠡᠷᠰᠯᠡᠭᠰᠡᠨ ᠮᠥᠷᠲᠡᠭᠡᠨ ᠲᠡᠷᠭᠡᠨ ᠤ ᠡᠭᠦᠳᠡ ᠳᠡᠭᠡᠷᠡᠬᠢ ᠣᠷᠣ ᠮᠥᠷ ᠨᠢ ᠰᠢᠦᠢ ᠠᠪᠠᠭ᠋ᠠᠢ ᠶᠢᠨ ᠱᠦᠷᠭᠦᠭᠡᠭᠰᠡᠨ ᠠᠴᠠ ᠪᠣᠯᠤᠭᠰᠠᠨ ᠭᠡᠳᠡᠭ | ᠢ ᠭᠡᠷᠡᠴᠢᠯᠡᠭᠰᠡᠨ ᠭᠡᠷᠡᠴᠢ ᠪᠠᠷᠢᠮᠲᠠ ᠦᠭᠡᠢ᠃ ᠭᠦ᠋ ᠯᠧᠦ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠠᠴᠠ ᠰᠢᠦᠢ ᠠᠪᠠᠭ᠋ᠠᠢ ᠶᠢᠨ A ᠲᠡᠷᠭᠡᠨ ᠵᠣᠭᠰᠣᠭᠠᠯ ᠪᠣᠯᠣᠨ | B ᠲᠡᠷᠭᠡᠨ ᠵᠣᠭᠰᠣᠭᠠᠯ ᠤᠨ ᠳᠤᠮᠳᠠᠬᠢ ᠬᠠᠯᠬᠠᠪᠴᠢ ᠬᠡᠷᠡᠰᠬᠡ ᠶᠢ ᠨᠤᠷᠠᠭᠠᠬᠤ ᠪᠠᠷ ᠭᠤᠶᠤᠴᠢᠯᠠᠭᠰᠠᠨ ᠢ ᠨᠢ ᠳᠡᠮᠵᠢᠪᠡ᠃ | ᠰᠢᠭᠦᠬᠦ ᠲᠤᠰᠢᠶᠠᠯᠲᠠᠨ ᠤ ᠬᠡᠯᠡᠯᠭᠡ | ᠬᠠᠤᠯᠢ ᠪᠠᠷ ᠵᠠᠰᠠᠬᠤ᠂ ᠦᠨᠡᠨᠴᠢ ᠢᠲᠡᠭᠡᠮᠵᠢᠲᠡᠢ᠂ ᠨᠥᠬᠦᠷᠰᠡᠭ ᠪᠠᠶᠢᠬᠤ ᠪᠣᠯ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢᠨ ᠴᠢᠬᠤᠯᠠ | ᠠᠭᠤᠯᠭ᠎ᠠ ᠮᠥᠨ᠂ ᠪᠠᠰᠠ ᠴᠤ ᠰᠢᠭᠦᠬᠦ ᠬᠤᠷᠢᠶ᠎ᠠ ᠠᠴᠠ ᠬᠥᠷᠰᠢ ᠵᠡᠷᠭᠡᠯᠡᠳᠡᠭᠡ ᠶᠢᠨ ᠵᠢᠭᠤᠷᠠᠯᠳᠤᠭᠠᠨ ᠢ ᠬᠠᠤᠯᠢ ᠶᠣᠰᠣᠭᠠᠷ ᠰᠢᠢᠳᠪᠦᠷᠢᠯᠡᠬᠦ ᠳᠤ ᠵᠢᠷᠤᠮᠯᠠᠬᠤ | ᠶᠣᠰᠣᠲᠠᠢ︽ᠦᠢᠯᠡᠳᠪᠦᠷᠢᠯᠡᠯ ᠳᠤ ᠠᠰᠢᠭᠲᠠᠢ᠂ ᠠᠮᠢᠳᠤᠷᠠᠯ ᠳᠤ ᠲᠦᠭᠦᠮ ᠪᠠᠶᠢᠬᠤ᠂ ᠪᠦᠯᠬᠦᠮᠳᠡᠨ ᠬᠠᠪᠰᠤᠷᠤᠯᠴᠠᠬᠤ᠂ ᠲᠥᠪ ᠭᠤᠣᠯᠴᠢ ᠵᠦᠢ ᠵᠣᠬᠢᠰᠲᠠᠢ ᠪᠠᠶᠢᠬᠤ︾ | ᠵᠠᠷᠴᠢᠮ ᠤᠨ ᠳᠣᠲᠣᠭᠠᠳᠤ ᠠᠭᠤᠯᠭ᠎ᠠ ᠮᠥᠨ᠃ ᠢᠷᠭᠡᠨ ᠤ ᠬᠡᠷᠡᠭ ᠤᠨ ᠪᠡᠶᠡᠴᠢ ᠴᠣᠭᠴᠠ ᠡᠷᠬᠡ ᠪᠠᠨ ᠬᠡᠷᠡᠭᠵᠢᠭᠦᠯᠬᠦ ᠳᠡᠭᠡᠨ ᠪᠤᠰᠤᠳ ᠤᠨ ᠬᠠᠤᠯᠢ ᠶᠣᠰᠣᠨ ᠤ ᠡᠷᠬᠡ | ᠠᠰᠢᠭ ᠢ ᠦᠯᠦ ᠬᠤᠬᠢᠷᠠᠭᠤᠯᠬᠤ ᠪᠠᠷ ᠤᠷᠢᠲᠠᠯ ᠪᠣᠯᠭᠠᠳᠠᠭ᠃ ᠲᠡᠷᠭᠡᠨ ᠵᠣᠭᠰᠣᠭᠠᠯ ᠤᠨ ᠡᠷᠬᠡᠲᠦ ᠬᠥᠮᠥᠨ ᠳᠤ ᠠᠪᠴᠤ ᠬᠡᠯᠡᠪᠡᠯ᠂ ᠲᠡᠷᠭᠡ ᠱᠦᠷᠭᠦᠭᠡᠭᠳᠡᠬᠦ ᠦᠶ᠎ᠡ ᠳᠤ | ᠡᠶ᠎ᠡ ᠵᠣᠬᠢᠴᠠᠯ ᠲᠠᠢ ᠨᠥᠬᠦᠷᠰᠡᠭ ᠪᠠᠶᠢᠬᠤ ᠵᠣᠷᠢᠭ ᠰᠠᠨᠠᠭ᠎ᠠ ᠶᠢ ᠪᠠᠷᠢᠮᠲᠠᠯᠠᠨ᠂ ᠬᠠᠤᠯᠢ ᠶᠣᠰᠣᠨ ᠤ᠂ ᠵᠦᠢ ᠵᠣᠬᠢᠰᠲᠠᠢ ᠠᠷᠭ᠎ᠠ ᠮᠠᠶ᠋ᠢᠭ ᠢᠶᠠᠷ ᠳᠠᠮᠵᠢᠭᠤᠯᠤᠨ | ᠵᠢᠭᠤᠷᠠᠯᠳᠤᠭᠠᠨ ᠢ ᠰᠢᠢᠳᠪᠦᠷᠢᠯᠡᠬᠦ ᠶᠢᠨ ᠬᠠᠮᠲᠤ ᠥᠪᠡᠷ ᠤᠨ ᠲᠡᠷᠭᠡᠨ ᠵᠣᠭᠰᠣᠭᠠᠯ ᠢᠶᠠᠨ ᠬᠡᠷᠡᠭᠯᠡᠬᠦ ᠳᠡᠭᠡᠨ ᠠᠩᠬᠠᠷᠬᠤ ᠬᠡᠮᠵᠢᠶ᠎ᠡ ᠪᠠᠨ ᠳᠡᠭᠡᠭᠰᠢᠯᠡᠭᠦᠯᠵᠦ᠂ ᠬᠥᠷᠰᠢ | ᠵᠡᠷᠭᠡᠯᠡᠳᠡᠭᠡ ᠶᠢᠨ ᠡᠷᠬᠡᠲᠦ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠬᠤ ᠠᠴᠠ ᠵᠠᠶᠢᠯᠠᠰᠬᠢᠬᠦ ᠬᠡᠷᠡᠭᠲᠡᠢ᠃ | ᠲᠤᠰᠬᠠᠢ ᠮᠡᠷᠭᠡᠵᠢᠯᠲᠡᠨ ᠤ ᠵᠥᠪᠯᠡᠯᠭᠡ | ᠬᠥᠷᠰᠢ ᠵᠡᠷᠭᠡᠯᠡᠳᠡᠭᠡ ᠶᠢᠨ ᠡᠷᠬᠡ ᠪᠣᠯ ᠢᠷᠭᠡᠨ ᠤ ᠬᠠᠤᠯᠢ ᠶᠢᠨ ᠪᠢᠴᠢᠭ ᠲᠠᠬᠢ ᠨᠢᠭᠡ ᠵᠦᠢᠯ ᠤᠨ ᠴᠢᠬᠤᠯᠠ ᠢᠷᠭᠡᠨ ᠤ ᠬᠡᠷᠡᠭ ᠤᠨ ᠡᠷᠬᠡ ᠮᠥᠨ᠃ | ᠡ᠊ᠩ ᠤᠨ ᠢᠷᠭᠡᠨ ᠤ ᠬᠡᠷᠡᠭ ᠤᠨ ᠡᠷᠬᠡ ᠲᠠᠢ ᠠᠳᠠᠯᠢ ᠦᠭᠡᠢ᠂ ᠬᠥᠷᠰᠢ ᠵᠡᠷᠭᠡᠯᠡᠳᠡᠭᠡ ᠶᠢᠨ ᠡᠷᠬᠡ ᠨᠢ ᠦᠯᠦ ᠬᠥᠳᠡᠯᠬᠦ ᠬᠥᠷᠥᠩᠭᠡ ᠠᠴᠠ ᠪᠤᠢ ᠪᠤᠯᠳᠠᠭ᠂ ᠬᠥᠷᠰᠢ | ᠵᠡᠷᠭᠡᠯᠡᠳᠡᠭᠡ ᠶᠢᠨ ᠡᠷᠬᠡᠲᠦ ᠬᠥᠮᠥᠨ ᠨᠢ ᠥᠮᠴᠢᠯᠡᠬᠦ ᠡᠷᠬᠡ ᠪᠤᠶᠤ ᠬᠡᠷᠡᠭᠯᠡᠬᠦ ᠡᠷᠬᠡ ᠪᠠᠨ ᠬᠡᠷᠡᠭᠵᠢᠭᠦᠯᠬᠦ ᠶᠠᠪᠤᠴᠠ ᠳᠤ ᠤᠰᠤ ᠵᠠᠯᠠᠬᠤ᠂ ᠨᠡᠪᠲᠡᠷᠡᠬᠦ᠂ ᠭᠡᠷᠡᠯ ᠲᠤᠰᠬᠠᠬᠤ | ᠵᠡᠷᠭᠡ ︽ᠬᠤᠯᠪᠣᠯᠳᠤᠬᠤ︾ ᠪᠠᠶᠢᠳᠠᠯ ᠣᠷᠣᠰᠢᠵᠤ ᠪᠠᠶᠢᠳᠠᠭ᠃ ᠬᠤᠳᠠ ᠬᠥᠳᠡᠭᠡ ᠶᠢᠨ ᠦᠯᠦ ᠬᠥᠳᠡᠯᠬᠦ ᠬᠥᠷᠥᠩᠭᠡ ᠶᠢᠨ ᠬᠥᠭᠵᠢᠯᠲᠡ ᠶᠢ ᠳᠠᠭᠠᠯᠳᠤᠨ᠂ ᠬᠥᠷᠰᠢ | ᠵᠡᠷᠭᠡᠯᠡᠳᠡᠭᠡ ᠶᠢᠨ ᠡᠷᠬᠡ ᠶᠢᠨ ᠵᠢᠭᠤᠷᠠᠯᠳᠤᠭᠠᠨ ᠲᠠᠰᠤᠷᠠᠯᠳᠠ ᠦᠭᠡᠢ ᠨᠡᠮᠡᠭᠳᠡᠵᠦ ᠪᠠᠶᠢᠨ᠎ᠠ᠃ ᠬᠥᠷᠰᠢ ᠵᠡᠷᠭᠡᠯᠡᠳᠡᠭᠡ ᠶᠢᠨ ᠡᠷᠬᠡ ᠶᠢ ᠦᠷᠭᠦᠯᠵᠢ ᠣᠮᠲᠣᠭᠠᠶᠢᠯᠠᠳᠠᠭ ᠨᠢ | ᠭᠤᠣᠯᠳᠠᠭᠤ ᠬᠥᠷᠰᠢ ᠵᠡᠷᠭᠡᠯᠡᠳᠡᠭᠡ ᠶᠢᠨ ᠡᠷᠬᠡᠲᠦ ᠬᠥᠮᠥᠨ ᠨᠢ ᠡᠷᠬᠡ ᠪᠠᠨ ᠬᠡᠷᠡᠭᠵᠢᠭᠦᠯᠬᠦ ᠶᠢᠨ ᠵᠠᠭᠠᠭ ᠬᠢᠵᠠᠭᠠᠷ ᠢ ︽ᠮᠠᠷᠲᠠᠭᠰᠠᠨ︾ ᠳᠤ ᠣᠷᠣᠰᠢᠨ᠎ᠠ᠃ | ᠲᠤᠰ ᠬᠡᠷᠡᠭ ᠤᠨ ᠮᠠᠷᠭᠤᠯᠳᠤᠭᠠᠨ ᠤ ᠲᠥᠪᠯᠡᠷᠡᠯ ᠤᠨ ᠴᠡᠭ ᠪᠣᠯ ᠲᠡᠷᠭᠡᠨ ᠵᠣᠭᠰᠣᠭᠠᠯ ᠳᠤ ᠬᠠᠯᠬᠠᠪᠴᠢ ᠬᠡᠷᠡᠰᠬᠡ ᠨᠡᠮᠡᠵᠦ ᠲᠠᠭᠠᠷᠠᠭᠤᠯᠤᠭᠰᠠᠨ ᠨᠢ | ᠵᠡᠷᠭᠡᠯᠡᠳᠡᠭᠡ ᠲᠡᠷᠭᠡᠨ ᠵᠣᠭᠰᠣᠭᠠᠯ ᠤᠨ ᠬᠡᠪ ᠤᠨ ᠬᠡᠷᠡᠭᠯᠡᠯᠲᠡ ᠶᠢ ᠬᠠᠷᠰᠢᠯᠠᠭᠰᠠᠨ ᠡᠰᠡᠬᠦ ᠶᠠᠪᠤᠳᠠᠯ ᠪᠣᠯᠣᠨ᠎ᠠ᠃ᠨᠢᠭᠡ ᠲᠠᠯ᠎ᠠ ᠪᠠᠷ᠂ ᠬᠥᠷᠰᠢ ᠵᠡᠷᠭᠡᠯᠡᠳᠡᠭᠡ ᠶᠢᠨ ᠡᠷᠬᠡᠲᠦ | ᠬᠥᠮᠥᠨ ᠨᠢ ᠨᠦᠭᠦᠭᠡ ᠡᠲᠡᠭᠡᠳ ᠲᠡᠭᠡᠨ ᠴᠢᠬᠤᠯᠠ ᠪᠦᠬᠦᠢ ᠳᠦᠭᠦᠮ ᠦᠵᠡᠭᠦᠯᠬᠦ ᠬᠡᠷᠡᠭᠲᠡᠢ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ | ᠬᠠᠤᠯᠢ ᠶᠢᠨ ᠪᠢᠴᠢᠭ︾ ᠤᠨ ᠬᠤᠶᠠᠷ ᠵᠠᠭᠤ ᠨᠠᠶᠠᠨ ᠨᠠᠢᠮᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ᠦᠯᠦ ᠬᠥᠳᠡᠯᠬᠦ ᠬᠥᠷᠥᠩᠭᠡ ᠶᠢᠨ ᠬᠥᠷᠰᠢ | ᠵᠡᠷᠭᠡᠯᠡᠳᠡᠭᠡ ᠶᠢᠨ ᠡᠷᠬᠡᠲᠦ ᠬᠥᠮᠥᠨ ᠨᠢ ᠦᠢᠯᠡᠳᠪᠦᠷᠢᠯᠡᠯ ᠳᠤ ᠠᠰᠢᠭᠲᠠᠢ᠂ ᠠᠮᠢᠳᠤᠷᠠᠯ ᠳᠤ ᠲᠦᠭᠦᠮ᠂ ᠪᠦᠯᠬᠦᠮᠳᠡᠨ ᠬᠠᠪᠰᠤᠷᠤᠯᠴᠠᠬᠤ᠂ ᠲᠥᠪ ᠭᠤᠣᠯᠴᠢ ᠵᠦᠢ | ᠵᠣᠬᠢᠰᠲᠠᠢ ᠪᠠᠶᠢᠬᠤ ᠵᠠᠷᠴᠢᠮ ᠶᠣᠰᠣᠭᠠᠷ ᠬᠥᠷᠰᠢ ᠵᠡᠷᠭᠡᠯᠡᠳᠡᠭᠡ ᠶᠢᠨ ᠬᠠᠷᠢᠴᠠᠭ᠎ᠠ ᠪᠠᠨ ᠵᠥᠪ ᠢᠶᠠᠷ ᠰᠢᠢᠳᠪᠦᠷᠢᠯᠡᠬᠦ ᠬᠡᠷᠡᠭᠲᠡᠢ᠃ ᠡᠶᠢᠮᠦ ᠠᠴᠠ᠂ ᠦᠯᠦ ᠬᠥᠳᠡᠯᠬᠦ | ᠬᠥᠷᠥᠩᠭᠡ ᠶᠢᠨ ᠡᠷᠬᠡᠲᠦ ᠬᠥᠮᠥᠨ ᠬᠤᠭᠤᠷᠣᠨᠳᠤ ᠪᠠᠨ ᠲᠦᠬᠦᠮ ᠦᠵᠡᠭᠦᠯᠬᠦ ᠶᠢᠨ ᠬᠠᠮᠲᠤ ᠬᠠᠷᠢᠯᠴᠠᠨ ︽ᠬᠦᠯᠢᠴᠡᠬᠦ ᠡᠭᠦᠷᠭᠡ︾ ᠶᠢ ᠡᠭᠦᠷᠭᠡᠯᠡᠬᠦ ᠬᠡᠷᠡᠭᠲᠡᠢ᠃ᠲᠤᠰ | ᠬᠡᠷᠡᠭ ᠲᠤ᠂ ᠾᠧᠦ ᠠᠪᠤᠭᠠᠢ ᠲᠡᠷᠭᠡ ᠪᠠᠨ ᠵᠢᠷᠤᠵᠤ ᠱᠦᠷᠭᠦᠭᠡᠭᠳᠡᠬᠦ ᠠᠴᠠ ᠰᠡᠷᠭᠡᠶᠢᠯᠡᠬᠦ ᠶᠢᠨ ᠲᠥᠯᠥᠭᠡ ︽ᠬᠤᠶᠠᠷ ᠬᠠᠰᠢᠯᠭ᠎ᠠ︾ ᠨᠡᠮᠡᠵᠦ ᠤᠭᠰᠠᠷᠠᠭᠰᠠᠨ ᠠᠵᠢᠯᠯᠠᠭ᠎ᠠ | ᠨᠢ ᠰᠢᠦᠢ ᠠᠪᠠᠭ᠋ᠠᠢ ᠶᠢᠨ ᠲᠡᠷᠭᠡ ᠪᠠᠨ ᠵᠣᠭᠰᠤᠭᠠᠬᠤ ᠶᠢ ᠨᠢ ᠨᠥᠯᠥᠭᠡᠯᠡᠵᠡᠢ᠃ᠨᠦᠭᠦᠭᠡ ᠲᠠᠯ᠎ᠠ ᠪᠠᠷ᠂ ᠬᠥᠷᠰᠢ ᠵᠡᠷᠭᠡᠯᠡᠳᠡᠭᠡ ᠶᠢᠨ ᠡᠷᠬᠡ ᠶᠢᠨ ᠬᠢᠵᠠᠭᠠᠷ ᠨᠢ | ︽ᠬᠤᠬᠢᠷᠠᠯ ᠠᠴᠠ ᠵᠠᠶᠢᠯᠠᠬᠤ︾ ᠪᠤᠶᠤ ︽ᠬᠠᠮᠤᠭ ᠤᠨ ᠪᠠᠭ᠎ᠠ ᠬᠤᠬᠢᠷᠠᠯ︾ ᠪᠣᠯᠣᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ | ᠪᠢᠴᠢᠭ︾ ᠤᠨ ᠬᠤᠶᠠᠷ ᠵᠠᠭᠤ ᠶᠡᠷᠡᠨ ᠵᠢᠷᠭᠤᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ᠦᠯᠦ ᠬᠥᠳᠡᠯᠬᠦ ᠬᠥᠷᠥᠩᠭᠡ ᠶᠢᠨ ᠡᠷᠬᠡᠲᠦ ᠬᠥᠮᠥᠨ ᠨᠡᠪᠲᠡᠷᠡᠬᠦ | ᠵᠡᠷᠭᠡ ᠠᠴᠠ ᠪᠣᠯᠵᠤ ᠬᠥᠷᠰᠢ ᠵᠡᠷᠭᠡᠯᠡᠳᠡᠭᠡ ᠶᠢᠨ ᠦᠯᠦ ᠬᠥᠳᠡᠯᠬᠦ ᠬᠥᠷᠥᠩᠭᠡ ᠶᠢ ᠠᠰᠢᠭᠯᠠᠬᠤ ᠳᠤ ᠬᠦᠷᠪᠡᠯ᠂ ᠬᠥᠷᠰᠢ ᠵᠡᠷᠭᠡᠯᠡᠳᠡᠭᠡ ᠶᠢᠨ ᠦᠯᠦ ᠬᠥᠳᠡᠯᠬᠦ | ᠬᠥᠷᠥᠩᠭᠡ ᠶᠢᠨ ᠡᠷᠬᠡᠲᠦ ᠬᠥᠮᠥᠨ ᠳᠤ ᠬᠤᠬᠢᠷᠠᠯ ᠤᠴᠠᠷᠠᠭᠤᠯᠬᠤ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠢ᠃ ᠡᠶᠢᠮᠦ ᠠᠴᠠ᠂ ᠬᠥᠷᠰᠢ ᠵᠡᠷᠭᠡᠯᠡᠳᠡᠭᠡ ᠶᠢᠨ | ᠡᠷᠬᠡᠲᠦ ᠬᠥᠮᠥᠨ ᠨᠢ ᠡᠷᠬᠡᠪᠰᠢ ᠬᠥᠷᠰᠢ ᠭᠠᠵᠠᠷ ᠢᠶᠠᠨ ᠬᠡᠷᠡᠭᠯᠡᠪᠡᠯ ᠰᠠᠶ᠋ᠢ ᠥᠪᠡᠷ ᠤᠨ ᠦᠯᠦ ᠬᠥᠳᠡᠯᠬᠦ ᠬᠥᠷᠥᠩᠭᠡ ᠪᠠᠨ ᠬᠡᠪ ᠢᠶᠠᠷ ᠬᠡᠷᠡᠭᠯᠡᠵᠦ ᠪᠣᠯᠬᠤ ᠦᠶ᠎ᠡ ᠳᠤ᠂ | ᠬᠥᠷᠰᠢ ᠵᠡᠷᠭᠡᠯᠡᠳᠡᠭᠡ ᠶᠢᠨ ᠭᠠᠵᠠᠷ ᠰᠢᠷᠣᠢ ᠶᠢ ᠬᠤᠬᠢᠷᠠᠭᠤᠯᠬᠤ ᠠᠴᠠ ᠵᠠᠶᠢᠯᠠᠰᠬᠢᠬᠤ ᠪᠤᠶᠤ ᠬᠠᠮᠤᠭ ᠤᠨ ᠪᠠᠭ᠎ᠠ ᠬᠤᠬᠢᠷᠠᠭᠤᠯᠬᠤ ᠶᠢ ᠬᠢᠴᠢᠶᠡᠬᠦ ᠬᠡᠷᠡᠭᠲᠡᠢ᠃ ᠲᠤᠰ | ᠬᠡᠷᠡᠭ ᠲᠤ᠂ ᠰᠢᠦᠢ ᠠᠪᠠᠭ᠋ᠠᠢ ᠥᠪᠡᠷ ᠤᠨ ᠲᠡᠷᠭᠡᠨ ᠵᠣᠭᠰᠣᠭᠠᠯ ᠢᠶᠠᠨ ᠬᠡᠷᠡᠭᠯᠡᠬᠦ ᠳᠡᠭᠡᠨ ᠾᠧᠦ ᠠᠪᠤᠭᠠᠢ ᠶᠢᠨ ᠲᠡᠷᠭᠡ ᠶᠢ ᠵᠢᠷᠤᠵᠤ ᠱᠦᠷᠭᠦᠭᠡᠭᠰᠡᠨ ᠨᠢ ᠬᠥᠷᠰᠢ | ᠵᠡᠷᠭᠡᠯᠡᠳᠡᠭᠡ ᠶᠢᠨ ᠡᠷᠬᠡ ᠶᠢᠨ ᠬᠢᠵᠠᠭᠠᠷᠯᠠᠯ ᠳᠤ ᠨᠡᠶᠢᠴᠡᠨ᠎ᠡ ᠭᠡᠳᠡᠭ ᠢ ᠭᠡᠷᠡᠴᠢᠯᠡᠬᠦ ᠭᠡᠷᠡᠴᠢ ᠪᠠᠷᠢᠮᠲᠠ ᠦᠭᠡᠢ ᠶᠤᠮ᠃ | ᠲᠤᠰ ᠬᠡᠷᠡᠭ ᠨᠢ ᠬᠡᠳᠦᠶᠢᠪᠡᠷ ᠡᠳᠦᠷ ᠲᠤᠲᠤᠮ ᠤᠨ ᠠᠮᠢᠳᠤᠷᠠᠯ ᠤᠨ ᠳᠤᠮᠳᠠᠬᠢ ᠬᠥᠷᠰᠢ ᠵᠡᠷᠭᠡᠯᠡᠳᠡᠭᠡ ᠶᠢᠨ ᠢᠬᠢᠷ ᠰᠢᠬᠢᠷ ᠬᠡᠷᠡᠭ ᠤᠨ ᠵᠢᠭᠤᠷᠠᠯᠳᠤᠭᠠᠨ | ᠪᠣᠯᠬᠤ ᠪᠣᠯᠪᠠᠴᠤ ᠡᠶ᠎ᠡ ᠨᠠᠶᠢᠷᠲᠠᠢ᠂ ᠨᠦᠬᠦᠷᠰᠡᠭ᠂ ᠬᠠᠷᠢᠯᠴᠠᠨ ᠬᠠᠪᠰᠤᠷᠤᠯᠴᠠᠬᠤ ᠬᠥᠷᠰᠢ ᠵᠡᠷᠭᠡᠯᠡᠳᠡᠭᠡ ᠶᠢᠨ ᠬᠠᠷᠢᠴᠠᠭ᠎ᠠ ᠶᠢ ᠪᠤᠢ ᠪᠣᠯᠭᠠᠬᠤ ᠳᠤ ᠶᠡᠷᠦ ᠪᠤᠰᠤ ᠶᠢᠨ | ᠤᠳᠬ᠎ᠠ ᠠᠭᠤᠯᠭ᠎ᠠ ᠲᠠᠢ ᠪᠠᠶᠢᠳᠠᠭ᠃ ᠬᠥᠷᠰᠢ ᠵᠡᠷᠭᠡᠯᠡᠳᠡᠭᠡ ᠶᠢᠨ ᠬᠠᠷᠢᠴᠠᠭ᠎ᠠ ᠳᠤ ᠪᠠᠭ᠎ᠠ ᠶᠠᠪᠤᠳᠠᠯ ᠭᠡᠵᠦ ᠪᠠᠶᠢᠬᠤ ᠦᠭᠡᠢ᠂ ᠣᠶᠢᠯᠠᠭᠠᠵᠤ ᠪᠠᠭᠲᠠᠭᠠᠬᠤ ᠪᠣᠯ ᠵᠥᠪ ᠵᠠᠮ | ᠮᠥᠨ᠃ ᠢᠷᠭᠡᠨ ᠤ ᠬᠠᠤᠯᠢ ᠶᠢᠨ ᠪᠢᠴᠢᠭ ᠲᠤ ᠡᠷᠬᠡ ᠲᠡᠭᠰᠢ ᠢᠷᠭᠡᠨ ᠤ ᠬᠡᠷᠡᠭ ᠤᠨ ᠪᠡᠶᠡᠴᠢ ᠴᠣᠭᠴᠠ ᠶᠢᠨ ᠬᠤᠭᠤᠷᠣᠨᠳᠣᠬᠢ ᠡᠷᠬᠡ ᠡᠭᠦᠷᠭᠡ ᠶᠢᠨ ᠬᠠᠷᠢᠴᠠᠭ᠎ᠠ ᠶᠢ | ᠲᠣᠬᠢᠷᠠᠭᠤᠯᠬᠤ ᠪᠠᠷ ᠪᠠᠷᠠᠬᠤ ᠦᠭᠡᠢ ᠨᠡᠩ ᠴᠤ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠪᠠᠳᠠᠷᠠᠭᠤᠯᠬᠤ ᠴᠢᠬᠤᠯᠠ ᠡᠭᠦᠷᠭᠡ ᠲᠠᠢ ᠪᠠᠶᠢᠳᠠᠭ᠃ | ᠢᠷᠡᠭᠡᠳᠦᠢ ᠳᠤ ᠪᠢᠳᠡ ᠬᠥᠷᠰᠢ ᠵᠡᠷᠭᠡᠯᠡᠳᠡᠭᠡ ᠪᠠᠨ ᠰᠠᠬᠢᠨ ᠪᠠᠷᠠᠯᠠᠵᠤ᠂ ᠪᠡᠶ᠎ᠡ ᠪᠡᠶ᠎ᠡ ᠪᠠᠨ ᠳᠡᠮᠵᠢᠨ ᠪᠠᠶᠠᠷᠯᠠᠭᠤᠯᠵᠤ᠂ ︽ᠭᠡᠷ ᠤᠨ ᠡᠭᠦᠳᠡᠨ ᠳᠠᠬᠢ︾ ᠵᠥᠷᠢᠴᠡᠯ | ᠵᠢᠭᠤᠷᠠᠯᠳᠤᠭᠠᠨ ᠢ ᠬᠠᠷᠢᠯᠴᠠᠨ ᠣᠶᠢᠯᠠᠭᠠᠯᠴᠠᠬᠤ ᠬᠠᠪᠤᠷ ᠤᠨ ᠰᠠᠯᠬᠢᠨ ᠳᠤ ᠠᠷᠢᠯᠭᠠᠶ᠎ᠠ︕ | | |