ᠬᠥᠯᠥᠨ ᠪᠤᠶᠢᠷ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠣᠯᠠᠨ ᠲᠦᠮᠡᠨ ᠤ | ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠵᠢᠴᠢ ︽ᠬᠥᠯᠥᠨ ᠪᠤᠶᠢᠷ | ᠬᠤᠲᠠ ᠶᠢᠨ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠪᠠᠨ ᠭᠦᠢᠴᠡᠳᠬᠡᠭᠰᠡᠨ ᠨᠢ ᠬᠦᠷᠦᠯᠴᠡᠬᠦ ᠦᠭᠡᠢ ᠪᠠᠷ ᠥᠮᠴᠢᠲᠡᠨ ᠤ ᠣᠯᠠᠨ ᠨᠡᠶᠢᠲᠡ ᠶᠢᠨ ᠠᠰᠢᠭ | ᠣᠷᠣᠯᠭ᠎ᠠ ᠶᠢ ᠡᠵᠡᠯᠡᠭᠰᠡᠨ ᠵᠡᠷᠭᠡ ᠠᠰᠠᠭᠤᠳᠠᠯ ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠤᠨ ᠮᠡᠳᠡᠭᠳᠡᠯ ᠤᠨ ᠱᠠᠭᠠᠷᠳᠠᠯᠭ᠎ᠠ | ᠶᠣᠰᠣᠭᠠᠷ᠂ ᠪᠥᠬᠦ ᠬᠤᠰᠢᠭᠤᠨ ᠤ ᠠᠳᠠᠯ ᠠᠬᠤᠢ ᠶᠢᠨ ᠠᠵᠤ ᠠᠬᠤᠶᠢᠯᠠᠯ ᠤᠨ ᠬᠡᠪ ᠤᠨ ᠡᠵᠡᠩᠨᠡᠯᠲᠡ ᠪᠠ ᠰᠠᠭᠤᠭᠠᠯᠢ ᠠᠷᠠᠳ ᠤᠨ ᠣᠷᠣᠰᠢᠨ ᠰᠠᠭᠤᠬᠤ ᠣᠷᠴᠢᠨ | ᠲᠣᠭᠤᠷᠢᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 2025 ᠣᠨ ᠤ 4 ᠰᠠᠷ᠎ᠠ ᠶᠢᠨ 16 ᠤ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ ᠣᠷᠣᠨ | ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠵᠠᠮ ᠲᠡᠭᠡᠭᠡᠪᠦᠷᠢ ᠶᠢᠨ ᠲᠣᠪᠴᠢᠶ᠎ᠠ ᠠᠴᠠ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠢ | ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠬᠤᠷᠠᠯ ᠤᠨ ᠵᠣᠷᠢᠯᠭ᠎ᠠ ᠨᠢ ᠡᠯ᠎ᠡ ᠠᠳᠠᠯ ᠠᠬᠤᠢ ᠶᠢᠨ ᠠᠵᠤ ᠠᠬᠤᠶᠢᠯᠠᠯ ᠤᠨ ᠬᠠᠷᠢᠭᠤᠴᠠᠯᠭ᠎ᠠ ᠪᠠ ᠡᠭᠦᠷᠭᠡ ᠶᠢ | ᠲᠣᠳᠣᠷᠬᠠᠶᠢᠯᠠᠵᠤ᠂ ᠠᠵᠢᠯ ᠤᠨ ᠪᠠᠶᠢᠷᠢᠯᠠᠭᠤᠯᠤᠯᠲᠠ ᠶᠢ ᠴᠢᠩᠭᠠᠳᠬᠠᠨ᠂ ᠡᠯ᠎ᠡ ᠵᠦᠢᠯ ᠤᠨ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ | ᠲᠥᠯᠥᠭᠡ ᠶᠤᠮ᠃ | | | | | | ᠬᠤᠷᠠᠯ ᠠᠴᠠ ᠵᠢᠭᠠᠵᠤ ᠭᠠᠷᠭᠠᠭᠰᠠᠨ ᠨᠢ᠂ ᠨᠢᠭᠡ ᠳᠤ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠶᠢ ᠪᠣᠳᠠᠲᠠᠢ ᠪᠠᠷ ᠭᠦᠢᠴᠡᠳᠬᠡᠭᠰᠡᠨ ᠦᠭᠡᠢ᠂ | ᠥᠮᠴᠢᠲᠡᠨ ᠤ ᠣᠯᠠᠨ ᠨᠡᠶᠢᠲᠡ ᠶᠢᠨ ᠠᠰᠢᠭ ᠣᠷᠣᠯᠭ᠎ᠠ ᠶᠢ ᠡᠵᠡᠯᠡᠭᠰᠡᠨ ᠵᠡᠷᠭᠡ ᠠᠰᠠᠭᠤᠳᠠᠯ ᠢ ᠲᠠᠰᠤ ᠵᠣᠭᠰᠣᠭᠠᠵᠤ᠂ ᠡᠯ᠎ᠡ ᠠᠳᠠᠯ ᠠᠬᠤᠢ ᠶᠢᠨ ᠠᠵᠤ | ᠠᠬᠤᠶᠢᠯᠠᠯ ᠤᠨ ᠲᠠᠨᠢᠯᠲᠠ ᠪᠠᠨ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠬᠦ ᠶᠢ ᠱᠠᠭᠠᠷᠳᠠᠬᠤ ᠬᠡᠷᠡᠭᠲᠡᠢ᠃ ᠬᠤᠶᠠᠷ ᠲᠤ᠂ ᠪᠥᠬᠦ | ᠬᠤᠰᠢᠭᠤᠨ ᠤ ᠠᠳᠠᠯ ᠠᠬᠤᠢ ᠶᠢᠨ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠪᠠᠶᠢᠷᠢᠯᠠᠭᠤᠯᠤᠨ᠎ᠠ᠂ ᠬᠤᠷᠠᠯ ᠳᠡᠭᠡᠷ᠎ᠡ | ᠴᠢᠬᠤᠯᠠᠴᠢᠯᠠᠭᠰᠠᠨ ᠨᠢ᠂ ᠵᠢᠵᠢᠭ ᠲᠣᠭᠤᠷᠢᠭ ᠤᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ | ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ ᠣᠨᠴᠠᠭᠠᠶ ᠴᠠᠭ ᠠᠭᠤᠷ ᠤᠨ ᠬᠤᠭᠤᠴᠠᠭᠠᠨ ᠳᠤ ᠭᠠᠷᠴᠤ ᠮᠡᠳᠡᠬᠦ ᠭᠡᠨᠡᠳᠲᠡ ᠶᠢᠨ ᠪᠠᠶᠢᠳᠠᠯ ᠳᠤ | ᠴᠢᠭᠯᠡᠭᠦᠯᠦᠨ᠂ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠲᠣᠭᠲᠠᠭᠠᠵᠤ᠂ ᠡᠯ᠎ᠡ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠪᠠ ᠬᠠᠮᠵᠢᠯᠴᠠᠬᠤ ᠲᠣᠭᠲᠠᠴᠠ ᠶᠢ | ᠲᠣᠳᠣᠷᠬᠠᠢ ᠪᠣᠯᠭᠠᠨ᠎ᠠ᠃ ᠳᠥᠷᠪᠡ ᠳᠤ᠂ ᠵᠢᠵᠢᠭ ᠲᠣᠭᠤᠷᠢᠭ ᠤᠨ ᠳᠣᠲᠣᠷᠠᠬᠢ ᠠᠷᠢᠭᠤᠨ ᠴᠡᠪᠡᠷ᠂ ᠨᠣᠭᠤᠭᠠᠷᠠᠭᠤᠯᠤᠯᠲᠠ ᠵᠡᠷᠭᠡ ᠠᠵᠢᠯ ᠳᠤ ᠲᠣᠬᠢᠷᠠᠭᠤᠯᠤᠯᠲᠠ ᠬᠢᠵᠦ | ᠂ ᠵᠢᠵᠢᠭ ᠲᠣᠭᠤᠷᠢᠭ ᠤᠨ ᠣᠷᠴᠢᠨ ᠲᠣᠭᠤᠷᠢᠨ ᠤ ᠴᠡᠪᠡᠷ ᠲᠡᠭᠰᠢ᠂ ᠦᠵᠡᠮᠵᠢᠲᠡᠢ ᠪᠠᠶᠢᠬᠤ ᠶᠢ ᠪᠠᠲᠤᠯᠠᠨ᠎ᠠ᠃ | ᠲᠣᠰ ᠤᠳᠠᠭᠠᠨ ᠤ ᠬᠤᠷᠠᠯ ᠠᠴᠠ ᠰᠢᠨ᠎ᠡ ᠪᠠᠷᠭᠤ ᠵᠡᠭᠦᠨ ᠬᠤᠰᠢᠭᠤᠨ ᠤ ᠪᠥᠬᠦ ᠬᠤᠰᠢᠭᠤᠨ ᠤ ᠠᠳᠠᠯ ᠠᠬᠤᠢ ᠶᠢᠨ ᠠᠵᠤ ᠠᠬᠤᠶᠢᠯᠠᠯ ᠤᠨ ᠠᠵᠢᠯ ᠳᠤ | ᠪᠥᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ ᠡᠯ᠎ᠡ ᠠᠵᠤ ᠠᠬᠤᠶᠢᠯᠠᠯ ᠤᠨ ᠬᠠᠷᠢᠭᠤᠴᠠᠯᠭ᠎ᠠ ᠪᠠ ᠡᠭᠦᠷᠭᠡ ᠶᠢ ᠲᠣᠳᠣᠷᠬᠠᠢ ᠲᠣᠭᠲᠠᠭᠠᠵᠠᠢ᠃ ᠡᠯ᠎ᠡ ᠠᠵᠤ | ᠠᠬᠤᠶᠢᠯᠠᠯ ᠢ ᠰᠢᠮᠳᠠᠭᠤᠯᠵᠤ ᠪᠠᠶᠢᠭᠠᠳ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ | ᠦᠨᠡᠨᠬᠦ ᠭᠦᠢᠴᠡᠳᠬᠡᠨ᠂ ᠠᠳᠠᠯ ᠠᠬᠤᠢ ᠶᠢᠨ ᠠᠵᠤ ᠠᠬᠤᠶᠢᠯᠠᠯ ᠤᠨ ᠦᠢᠯᠡᠴᠢᠯᠡᠭᠡᠨ ᠤ ᠡᠯ᠎ᠡ ᠵᠦᠢᠯ ᠤᠨ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨᠬᠦ | ᠪᠠᠲᠤᠯᠠᠬᠤ ᠬᠡᠷᠡᠭᠲᠡᠢ᠃ ᠡᠭᠦᠨ ᠤ ᠵᠡᠷᠭᠡᠴᠡᠭᠡᠪᠡᠷ ᠮᠠᠨ ᠤ ᠲᠣᠪᠴᠢᠶ᠎ᠠ ᠡᠯ᠎ᠡ ᠠᠵᠤ ᠠᠬᠤᠶᠢᠯᠠᠯ ᠳᠤ ᠲᠠᠯᠪᠢᠬᠤ ᠬᠢᠨᠠᠯᠲᠠ ᠪᠠ ᠵᠢᠯᠣᠭᠤᠳᠤᠯᠭ᠎ᠠ ᠪᠠᠨ ᠴᠢᠩᠭᠠᠳᠬᠠᠵᠤ᠂ | ᠰᠠᠭᠤᠭᠠᠯᠢ ᠠᠷᠠᠳ ᠲᠤ ᠠᠮᠤᠷ ᠲᠦᠪᠰᠢᠨ᠂ ᠲᠠᠭᠠᠯᠠᠮᠵᠢᠲᠠᠢ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠮᠢᠳᠤᠷᠠᠯ ᠤᠨ ᠣᠷᠴᠢᠨ ᠨᠥᠬᠦᠴᠡᠯ ᠢ ᠬᠠᠮᠲᠤ ᠪᠠᠷ ᠪᠤᠢ | ᠪᠣᠯᠭᠠᠵᠤ ᠥᠭᠭᠦᠨ᠎ᠡ᠃ | | |