2025 ᠣᠨ ᠤ 4 ᠰᠠᠷ᠎ᠠ ᠶᠢᠨ 15 ᠤ ᠡᠳᠦᠷ ᠪᠣᠯ ᠠᠷᠪᠠᠳᠤᠭᠠᠷ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ | ᠪᠣᠯᠣᠨ᠎ᠠ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠦᠬᠦ ᠲᠠᠯ᠎ᠠ ᠪᠠᠷ ᠤᠬᠠᠭᠤᠯᠤᠨ ᠲᠤᠭᠤᠰᠢᠯᠠᠭᠤᠯᠬᠤ ᠶᠢᠨ ᠲᠥᠯᠥᠭᠡ᠂ ᠪᠥᠬᠦ ᠠᠷᠠᠳ ᠤᠨ | ᠤᠯᠤᠰ ᠤᠨ ᠠᠮᠤᠷ ᠲᠦᠪᠰᠢᠨ ᠤ ᠤᠬᠠᠮᠰᠠᠷ ᠪᠠ ᠬᠡᠪ ᠪᠣᠯᠪᠠᠰᠤᠷᠠᠯ ᠢ ᠲᠠᠰᠤᠷᠠᠯᠲᠠ ᠦᠭᠡᠢ ᠴᠢᠩᠭᠠᠳᠬᠠᠵᠤ᠂ 4 ᠰᠠᠷ᠎ᠠ ᠶᠢᠨ 15 ᠤ ᠡᠳᠦᠷ᠂ ᠰᠢᠨ᠎ᠡ ᠪᠠᠷᠭᠤ ᠵᠡᠭᠦᠨ | ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠤᠭᠰᠠᠨ ᠠᠷᠪᠠᠨ ᠵᠢᠯ ᠤᠨ ᠣᠶ︾ ᠭᠡᠬᠦ ᠭᠤᠣᠯ ᠰᠡᠳᠦᠪ ᠤᠨ ᠲᠣᠭᠤᠷᠢᠨ ᠳᠤ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠡᠭᠦᠷᠭᠡ ᠴᠢᠳᠠᠪᠤᠷᠢ ᠲᠠᠢ ᠪᠠᠨ ᠤᠶᠠᠯᠳᠤᠭᠤᠯᠤᠨ᠂ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ | ᠤᠬᠠᠭᠤᠯᠭ᠎ᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠣᠯᠠᠨ ᠲᠦᠮᠡᠨ ᠤ ᠳᠡᠷᠭᠡᠳᠡ ᠬᠦᠷᠭᠡᠭᠰᠡᠨ | ᠪᠠᠶᠢᠨ᠎ᠠ᠃ | | | | | ᠨᠢᠭᠡ ᠳᠤ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠶᠢ ᠨᠡᠶᠢᠭᠡᠮ ᠲᠣᠭᠤᠷᠢᠭ ᠲᠤ ᠭᠠᠨᠵᠤᠤᠷ ᠲᠠᠯᠠᠪᠠᠢ ᠵᠡᠷᠭᠡ ᠬᠥᠮᠥᠨ ᠤᠯᠠᠨ | ᠴᠤᠭᠯᠠᠷᠠᠭᠰᠠᠨ ᠣᠷᠣᠨ ᠪᠦᠰᠡ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠲᠥᠪᠯᠡᠷᠡᠭᠦᠯᠦᠨ | ᠥᠷᠨᠢᠭᠦᠯᠵᠦ᠂ ᠭᠤᠣᠯ ᠰᠡᠳᠦᠪᠲᠦ ᠬᠥᠨᠳᠡᠯᠡᠨ ᠪᠢᠴᠢᠭᠡᠰᠦ ᠶᠢ ᠡᠯᠭᠦᠬᠦ᠂ ᠵᠢᠷᠤᠭ ᠦᠰᠦᠭᠲᠦ ᠭᠠᠷ ᠳᠡᠪᠲᠡᠷ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠬᠤ ᠶᠢᠨ | ᠬᠠᠮᠲᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠬᠢ ᠲᠠᠢ ᠤᠶᠠᠯᠳᠤᠭᠤᠯᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ | ᠰᠢᠰᠲ᠋ᠧᠮ ᠳᠤ ︽ᠤᠯᠤᠰ ᠤᠨ ᠠᠮᠤᠷ ᠲᠦᠪᠰᠢᠨ ᠤ ᠬᠠᠤᠯᠢ︾᠂ ︽ᠢᠳᠡᠭᠡᠨ ᠤ ᠠᠮᠤᠷ ᠲᠦᠪᠰᠢᠨ ᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ | ᠲᠦᠭᠡᠮᠡᠯᠵᠢᠭᠦᠯᠪᠡ᠃ ᠠᠵᠢᠯᠲᠠᠳ ᠲᠤᠬᠠᠢ ᠶᠢᠨ ᠲᠠᠯᠠᠪᠤᠷ ᠲᠤ ᠢᠳᠡᠭᠡᠨ ᠤ ᠠᠮᠤᠷ ᠲᠦᠪᠰᠢᠨ ᠢ ᠢᠯᠭᠠᠨ ᠲᠣᠳᠣᠯᠠᠬᠤ᠂ ᠬᠡᠷᠡᠭᠯᠡᠭᠡ ᠶᠢᠨ ᠡᠷᠬᠡ ᠪᠠᠨ ᠬᠠᠮᠠᠭᠠᠯᠠᠬᠤ | ᠠᠷᠭ᠎ᠠ ᠵᠠᠮ ᠵᠡᠷᠭᠡ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠤᠨ ᠲᠣᠭᠤᠷᠢᠨ ᠳᠤ ᠬᠠᠷᠢᠯᠴᠠᠨ ᠬᠥᠳᠡᠯᠦᠯᠴᠡᠵᠦ ᠮᠠᠳᠠᠭ ᠲᠠᠢ ᠠᠰᠠᠭᠤᠳᠠᠯ ᠢ ᠬᠠᠷᠢᠭᠤᠯᠪᠠ᠃ | | | | | | ᠬᠤᠶᠠᠷ ᠲᠤ ᠬᠢᠨᠠᠨ ᠬᠠᠮᠢᠶᠠᠷᠬᠤ ᠦᠢᠯᠡᠴᠢᠯᠡᠭᠡ ᠶᠢ ᠠᠵᠤ ᠠᠬᠤᠶᠢᠯᠠᠯ ᠳᠤ ᠣᠷᠣᠭᠤᠯᠤᠨ᠎ᠠ᠃ ᠠᠵᠤ ᠠᠬᠤᠶᠢᠯᠠᠯ ᠤᠨ ᠭᠤᠣᠯ ᠴᠣᠭᠴᠠ ᠳᠤ ᠴᠢᠭᠯᠡᠭᠦᠯᠦᠨ | ᠂ ᠰᠢᠨ᠎ᠡ ᠪᠠᠷᠭᠤ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠤᠯᠤᠰ ᠤᠨ ᠠᠮᠤᠷ ᠲᠦᠪᠰᠢᠨ ᠤ ᠤᠬᠠᠭᠤᠯᠭ᠎ᠠ | ᠬᠥᠮᠦᠵᠢᠯ ᠢ ᠡᠳᠦᠷ ᠲᠤᠲᠤᠮ ᠤᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠯᠦᠭᠡ ᠭᠦᠢᠴᠡᠳ ᠤᠶᠠᠯᠳᠤᠭᠤᠯᠵᠤ᠂ ᠬᠢᠨᠠᠨ ᠬᠠᠮᠢᠶᠠᠷᠬᠤ ᠠᠵᠢᠯᠲᠠᠨ ᠢ ᠵᠣᠬᠢᠶᠠᠨ | ᠪᠠᠶᠢᠭᠤᠯᠤᠨ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠬᠡᠷᠡᠭᠯᠡᠬᠦ ᠨᠢᠭᠡᠴᠢ ᠳᠤ | ᠭᠦᠨᠵᠡᠭᠡᠶᠢᠷᠡᠭᠦᠯᠦᠨ᠂ ᠠᠵᠤ ᠠᠬᠤᠶᠢᠯᠠᠯ ᠢ ᠵᠢᠯᠣᠭᠤᠳᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠲᠣᠭᠲᠠᠮᠠᠯ | ᠬᠤᠭᠤᠴᠠᠭ᠎ᠠ ᠲᠠᠢ ᠪᠠᠷ ᠠᠮᠤᠷ ᠲᠦᠪᠰᠢᠨ ᠤ ᠬᠡᠮ ᠰᠣᠭᠤᠭ ᠢ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠶᠢ ᠥᠷᠨᠢᠭᠦᠯᠦᠨ᠎ᠡ᠃ ᠠᠵᠢᠯᠯᠠᠭ᠎ᠠ ᠶᠢᠨ | ᠳᠤᠮᠳᠠ᠂ ᠬᠢᠨᠠᠨ ᠬᠠᠮᠢᠶᠠᠷᠬᠤ ᠠᠵᠢᠯᠲᠠᠨ ᠠᠵᠤ ᠠᠬᠤᠶᠢᠯᠠᠯ ᠤᠨ ᠤᠯᠤᠰ ᠤᠨ ᠠᠮᠤᠷ ᠲᠦᠪᠰᠢᠨ ᠤ ᠬᠦᠷᠢᠶᠡᠨ ᠳᠠᠬᠢ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ | ᠭᠤᠣᠯᠳᠠᠯᠭ᠎ᠠ ᠲᠠᠢ ᠴᠢᠬᠤᠯᠠᠴᠢᠯᠠᠵᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠤᠯᠤᠰ ᠤᠨ ᠠᠮᠤᠷ ᠲᠦᠪᠰᠢᠨ ᠤ ᠣᠶᠢᠯᠠᠭᠠᠭᠳᠠᠬᠤᠨ ᠢ | ᠦᠢᠯᠡᠳᠪᠦᠷᠢᠯᠡᠯ ᠡᠵᠡᠩᠨᠡᠯᠲᠡ ᠶᠢᠨ ᠡᠯ᠎ᠡ ᠭᠤᠭᠴᠤᠭ᠎ᠠ ᠳᠤ ᠲᠤᠭᠤᠰᠢᠯᠠᠭᠤᠯᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ | ᠰᠡᠷᠭᠡᠶᠢᠯᠡᠨ᠎ᠡ᠃ | | | | | | ᠭᠤᠷᠪᠠ ᠳᠤ᠂ ᠤᠯᠠᠨ ᠲᠠᠯ᠎ᠠ ᠪᠠᠷ ᠬᠤᠯᠪᠤᠭᠠᠯᠠᠨ ᠬᠥᠳᠡᠯᠦᠯᠴᠡᠵᠦ ᠵᠠᠬ᠎ᠠ ᠳᠡᠯᠭᠡᠭᠦᠷ ᠲᠤ ᠣᠷᠣᠬᠤ᠃ ᠲᠤᠰ ᠤᠳᠠᠭᠠᠨ ᠤ ᠠᠵᠢᠯᠯᠠᠭ᠎ᠠ ᠨᠢ ᠬᠠᠷᠢᠶ᠎ᠠ | ᠣᠷᠣᠨ ᠤ ᠪᠠᠨ ᠬᠤᠳᠠᠯᠳᠤᠭᠠᠨ ᠤ ᠬᠡᠳᠦ ᠳᠡᠯᠭᠡᠭᠦᠷ᠂ ᠵᠣᠴᠢᠳ ᠤᠨ ᠪᠠᠭᠤᠳᠠᠯ ᠳᠤ ᠤᠬᠠᠭᠤᠯᠭ᠎ᠠ ᠶᠢᠨ ᠠᠵᠢᠯᠯᠠᠭ᠎ᠠ ᠶᠢ ᠵᠡᠷᠭᠡᠪᠡᠷ ᠥᠷᠨᠢᠭᠦᠯᠵᠦ᠂ ᠠᠵᠢᠯᠯᠠᠭ᠎ᠠ ᠨᠢ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠨᠢᠭᠲᠠ ᠤᠶᠠᠯᠳᠤᠭᠤᠯᠤᠨ᠂ | ᠬᠤᠳᠠᠯ ᠬᠠᠭᠤᠷᠮᠠᠭ ᠴᠢᠨᠠᠷ ᠮᠠᠭᠤ ᠠᠵᠢᠯᠯᠠᠭ᠎ᠠ ᠳᠤ ᠴᠣᠬᠢᠯᠲᠠ ᠥᠭᠬᠦ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠠᠮᠠᠭᠠᠯᠠᠬᠤ ᠵᠡᠷᠭᠡ ᠠᠵᠢᠯ ᠬᠢᠭᠡᠳ ᠤᠯᠤᠰ ᠤᠨ | ᠠᠮᠤᠷ ᠲᠦᠪᠰᠢᠨ ᠤ ᠳᠣᠲᠣᠭᠠᠳᠤ ᠬᠠᠷᠢᠯᠴᠠᠭ᠎ᠠ ᠶᠢ ᠲᠣᠪᠤᠶᠢᠯᠭᠠᠨ ᠢᠯᠡᠷᠡᠭᠦᠯᠵᠦ᠂ ᠡᠵᠡᠩᠨᠡᠭᠴᠢᠳ ᠤᠨ ᠦᠨᠡᠨᠴᠢ ᠢᠲᠡᠭᠡᠮᠵᠢᠲᠡᠢ ᠪᠠᠷ ᠬᠠᠤᠯᠢ ᠶᠢ ᠰᠠᠬᠢᠵᠤ | ᠡᠵᠡᠩᠨᠡᠬᠦ ᠶᠢ ᠬᠥᠲᠥᠯᠥᠨ ᠵᠢᠯᠤᠭᠤᠳᠴᠤ᠂ ᠬᠡᠷᠡᠭ ᠤᠨ ᠵᠢᠱᠢᠶ᠎ᠡ ᠶᠢ ᠲᠠᠶᠢᠯᠪᠤᠷᠢᠯᠠᠬᠤ᠂ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠰᠡᠷᠡᠵᠦ ᠮᠡᠳᠡᠵᠦ ᠪᠣᠯᠬᠤ᠂ ᠣᠷᠣᠯᠴᠠᠵᠤ ᠪᠣᠯᠬᠤ ᠠᠮᠢᠳᠤᠯᠢᠭ ᠦᠢᠯᠡᠳᠦᠯᠭᠡ ᠪᠣᠯᠭᠠᠨ | ᠬᠤᠪᠢᠷᠠᠭᠤᠯᠤᠨ᠎ᠠ᠃ | | | | | | ᠲᠣᠰ ᠤᠳᠠᠭᠠᠨ ᠤ ᠰᠢᠷᠢᠰ ᠠᠵᠢᠯᠯᠠᠭ᠎ᠠ ᠨᠢ ᠪᠣᠳᠠᠲᠤ ᠪᠠᠶᠢᠳᠠᠯ ᠳᠤ ᠣᠶᠢᠷᠠᠳᠬᠤ᠂ ᠣᠯᠠᠨ ᠲᠦᠮᠡᠨ ᠳᠤ ᠣᠶᠢᠷᠠᠳᠬᠤ᠂ ᠠᠵᠤ ᠠᠬᠤᠶᠢᠯᠠᠯ ᠳᠤ | ᠣᠶᠢᠷᠠᠳᠬᠤ ᠬᠡᠯᠪᠡᠷᠢ ᠪᠠᠷ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠬᠢᠭᠡᠳ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ | ᠴᠢᠳᠠᠪᠤᠷᠢ ᠶᠢᠨ ᠣᠷᠭᠠᠨᠢᠭ ᠤᠶᠠᠯᠳᠤᠯ ᠢ ᠪᠡᠶᠡᠯᠡᠭᠦᠯᠵᠡᠢ᠃ ᠲᠠᠷᠠᠭᠠᠴᠢ ᠶᠢᠨ ᠠᠯᠬᠤᠮ ᠳᠤ᠂ ᠰᠢᠨ᠎ᠡ ᠪᠠᠷᠭᠤ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠠᠷᠪᠠᠨ ᠵᠢᠯ ᠤᠨ ᠣᠶ ᠪᠠᠷ ᠰᠢᠨ᠎ᠡ ᠭᠠᠷᠤᠭ᠎ᠠ ᠪᠣᠯᠭᠠᠵᠤ᠂ ᠤᠯᠤᠰ ᠤᠨ | ᠠᠮᠤᠷ ᠲᠦᠪᠰᠢᠨ ᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ︽ᠡᠳᠦᠷ ᠪᠦᠷᠢ ︿4 · 15﹀︾ ᠶᠢᠨ ᠠᠭᠤᠷ ᠠᠮᠢᠰᠬᠤᠯ ᠢ | ᠪᠣᠶ ᠪᠣᠯᠭᠠᠨ᠎ᠠ᠃ | | |