ᠦᠨᠳᠦᠰᠦᠨ ᠱᠠᠲᠤᠨ ᠤ ᠤᠯᠤᠰ ᠲᠥᠷᠥ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠭ᠎ᠠ ᠶᠢ ᠤᠯᠠᠮ ᠨᠢᠭᠡ ᠠᠯᠬᠤᠮ | ᠴᠢᠩᠭᠠᠳᠬᠠᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠶᠢᠨ ᠬᠤᠭᠤᠴᠠᠭᠠᠨ ᠳᠤ᠂ | ᠰᠢᠨ᠎ᠡ ᠪᠠᠷᠭᠤ ᠵᠡᠭᠦᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠨᠳᠠᠭᠠᠢ ᠶᠢᠨ ᠬᠠᠤᠯᠢ ᠴᠠᠭᠠᠵᠠ ᠶᠢᠨ ᠰᠠᠯᠪᠤᠷᠢ ᠬᠢᠭᠡᠳ ᠬᠠᠷᠢᠶᠠᠲᠤ ᠣᠷᠣᠨ ᠤ | ᠬᠤᠶᠠᠷ ᠬᠢᠯᠢ ᠶᠢᠨ ᠲᠣᠮᠢᠯᠠᠭᠰᠠᠨ ᠰᠠᠯᠪᠤᠷᠢ ᠬᠠᠮᠲᠤᠷᠠᠭᠰᠠᠨ ᠬᠤᠷᠠᠯ ᠬᠤᠷᠠᠯᠳᠤᠭᠤᠯᠪᠠ᠃ ᠬᠠᠤᠯᠢ ᠴᠠᠭᠠᠵᠠ ᠶᠢᠨ ᠰᠠᠯᠪᠤᠷᠢ ᠶᠢᠨ ᠠᠵᠢᠯᠲᠠᠨ ᠪᠣᠯᠣᠨ ᠲᠣᠮᠢᠯᠠᠭᠰᠠᠨ | ᠰᠠᠯᠪᠤᠷᠢ ᠶᠢᠨ ᠭᠤᠣᠯ ᠤᠳᠤᠷᠢᠳᠤᠯᠭ᠎ᠠ ᠵᠢᠴᠢ ᠠᠷᠠᠳ ᠤᠨ ᠴᠠᠭᠳᠠᠭ᠎ᠠ ᠶᠢᠨ ᠲᠥᠯᠥᠭᠡᠯᠡᠭᠴᠢ ᠬᠠᠮᠲᠤ ᠪᠠᠷ ᠬᠤᠷᠠᠯ ᠳᠤ ᠣᠷᠣᠯᠴᠠᠵᠠᠢ᠃ | ᠬᠤᠷᠠᠯ ᠡᠬᠢᠯᠡᠮᠡᠭᠴᠡ᠂ ᠬᠤᠶᠠᠷ ᠲᠠᠯ᠎ᠠ ᠪᠠᠷ ᠢᠶᠠᠨ ᠣᠶᠢᠷ᠎ᠠ ᠶᠢᠨ ᠬᠤᠭᠤᠴᠠᠭᠠᠨ ᠤ ᠲᠣᠰ ᠲᠣᠰ ᠤᠨ ᠭᠤᠣᠯᠳᠠᠯᠭ᠎ᠠ ᠲᠠᠢ ᠠᠵᠢᠯ ᠢᠶᠠᠨ ᠥᠷᠨᠢᠭᠦᠯᠦᠭᠰᠡᠨ | ᠪᠠᠶᠢᠳᠠᠯ ᠢᠶᠠᠨ ᠲᠣᠰ ᠲᠣᠰ ᠲᠠᠨᠢᠯᠴᠠᠭᠤᠯᠪᠠ᠃ ᠬᠠᠤᠯᠢ ᠴᠠᠭᠠᠵᠠ ᠶᠢᠨ ᠰᠠᠯᠪᠤᠷᠢ ᠠᠷᠠᠳ ᠤᠨ ᠡᠶᠡᠳᠡᠭᠦᠯᠭᠡ᠂ ᠨᠡᠶᠢᠭᠡᠮ ᠲᠣᠭᠤᠷᠢᠭ ᠤᠨ ᠵᠠᠯᠠᠷᠠᠭᠤᠯᠭ᠎ᠠ᠂ | ᠳᠥᠪᠬᠢᠨᠡᠭᠦᠯᠦᠨ ᠬᠠᠪᠰᠤᠷᠤᠨ ᠰᠤᠷᠭᠠᠬᠤ᠂ ᠬᠠᠤᠯᠢ ᠪᠠᠷ ᠵᠠᠰᠠᠬᠤ ᠤᠬᠠᠭᠤᠯᠭ᠎ᠠ ᠵᠡᠷᠭᠡ ᠠᠵᠢᠯ ᠤᠨ ᠲᠣᠭᠤᠷᠢᠨ ᠳᠤ ᠨᠠᠷᠢᠨ ᠲᠣᠳᠣᠷᠬᠠᠶᠢᠯᠠᠯᠲᠠ ᠬᠢᠵᠦ᠂ ᠬᠥᠷᠰᠢ | ᠵᠡᠷᠭᠡᠯᠡᠳᠡᠭᠡ ᠶᠢᠨ ᠵᠠᠭᠤᠷᠠᠯᠳᠤᠭᠠᠨ ᠢ ᠠᠷᠢᠯᠭᠠᠬᠤ᠂ ᠨᠡᠶᠢᠭᠡᠮ ᠲᠣᠭᠤᠷᠢᠭ ᠤᠨ ᠵᠠᠯᠠᠷᠠᠭᠤᠯᠤᠭᠴᠢ ᠶᠢ ᠰᠤᠷᠭᠠᠨ ᠬᠥᠮᠥᠵᠢᠭᠦᠯᠵᠦ ᠬᠠᠪᠰᠤᠷᠤᠨ ᠲᠡᠳᠬᠦᠬᠦ ᠵᠡᠷᠭᠡ | ᠲᠠᠯ᠎ᠠ ᠪᠠᠷ ᠣᠯᠣᠭᠰᠠᠨ ᠦᠷ᠎ᠡ ᠪᠦᠲᠦᠭᠡᠯ ᠢ ᠬᠤᠪᠢᠶᠠᠨ ᠡᠳ᠋ᠯᠡᠬᠦ ᠶᠢᠨ ᠬᠠᠮᠲᠤ ᠪᠠᠰᠠ ᠠᠵᠢᠯ ᠤᠨ ᠳᠤᠮᠳᠠ ᠲᠣᠬᠢᠶᠠᠯᠳᠤᠭᠰᠠᠨ ᠬᠡᠰᠡᠭ ᠨᠡᠶᠢᠭᠡᠮ ᠲᠣᠭᠤᠷᠢᠭ ᠤᠨ | ᠵᠠᠯᠠᠷᠠᠭᠤᠯᠤᠭᠴᠢ ᠶᠢᠨ ᠦᠵᠡᠯ ᠰᠠᠨᠠᠭᠠᠨ ᠤ ᠬᠡᠯᠪᠡᠯᠵᠡᠯ ᠨᠡᠯᠢᠶᠡᠳ ᠶᠡᠭᠡ᠂ ᠬᠠᠤᠯᠢ ᠪᠠᠷ ᠵᠠᠰᠠᠬᠤ ᠤᠬᠠᠭᠤᠯᠭ᠎ᠠ ᠶᠢᠨ ᠬᠡᠯᠪᠡᠷᠢ ᠶᠢᠨ ᠰᠢᠨ᠎ᠡ ᠡᠭᠦᠳᠦᠯᠲᠡ ᠭᠦᠢᠴᠡᠳ ᠪᠤᠰᠤ | ᠵᠡᠷᠭᠡ ᠠᠰᠠᠭᠤᠳᠠᠯ ᠤᠳ ᠢ ᠳᠤᠷᠠᠳᠤᠨ ᠭᠠᠷᠭᠠᠪᠠ᠃ ᠲᠣᠮᠢᠯᠠᠭᠰᠠᠨ ᠰᠠᠯᠪᠤᠷᠢ ᠨᠢ ᠡᠷᠡᠭᠦᠦ ᠶᠢᠨ ᠬᠡᠷᠡᠭ ᠤᠨ ᠬᠡᠷᠡᠭ ᠭᠠᠷᠤᠭᠰᠠᠨ ᠨᠣᠷᠮ᠎ᠠ᠂ ᠠᠮᠤᠷ ᠢ ᠬᠠᠮᠠᠭᠠᠯᠠᠬᠤ | ᠬᠡᠷᠡᠭ ᠢ ᠰᠢᠢᠳᠪᠦᠷᠢᠯᠡᠭᠰᠡᠨ ᠪᠠᠶᠢᠳᠠᠯ ᠵᠡᠷᠭᠡ ᠶᠢ ᠪᠠᠭᠲᠠᠭᠠᠭᠰᠠᠨ ᠬᠠᠷᠢᠶ᠎ᠠ ᠣᠷᠣᠨ ᠤ ᠪᠠᠨ ᠠᠮᠤᠷ ᠢ ᠬᠠᠮᠠᠭᠠᠯᠠᠬᠤ ᠪᠠᠶᠢᠳᠠᠯ ᠢ ᠵᠠᠷᠯᠠᠨ ᠮᠡᠳᠡᠭᠳᠡᠵᠦ᠂ ᠭᠡᠷ ᠪᠦᠯᠢ ᠶᠢᠨ | ᠵᠠᠭᠤᠷᠠᠯᠳᠤᠭᠠᠨ᠂ ᠢᠷᠭᠡᠨ ᠤ ᠬᠡᠷᠡᠭ ᠤᠨ ᠵᠥᠷᠢᠴᠡᠯ ᠠᠴᠠ ᠪᠣᠯᠤᠭᠰᠠᠨ ᠠᠮᠤᠷ ᠢ ᠬᠠᠮᠠᠭᠠᠯᠠᠬᠤ ᠵᠠᠷᠢᠮ ᠬᠡᠷᠡᠭ ᠢ ᠰᠢᠢᠳᠪᠦᠷᠢᠯᠡᠬᠦ ᠳᠤ᠂ ᠬᠠᠤᠯᠢ ᠴᠠᠭᠠᠵᠠ ᠶᠢᠨ | ᠰᠠᠯᠪᠤᠷᠢ ᠠᠴᠠ ᠬᠠᠤᠯᠢ ᠴᠠᠭᠠᠵᠠ ᠶᠢᠨ ᠳᠡᠮᠵᠢᠯᠭᠡ ᠪᠠ ᠡᠶᠡᠳᠡᠭᠦᠯᠭᠡ ᠶᠢᠨ ᠬᠠᠪᠰᠤᠷᠤᠯᠭ᠎ᠠ ᠬᠠᠩᠭᠠᠬᠤ ᠴᠢᠬᠤᠯᠠᠲᠠᠢ ᠭᠡᠵᠦ ᠣᠨᠴᠠᠭᠠᠶᠢᠯᠠᠨ ᠵᠢᠭᠠᠵᠤ ᠭᠠᠷᠭᠠᠵᠠᠢ᠃ | | | | | | | | | ᠲᠠᠷᠠᠭ᠎ᠠ ᠨᠢ᠂ ᠬᠤᠶᠠᠷ ᠲᠠᠯ᠎ᠠ ᠪᠠᠷ ᠢᠶᠠᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ ᠬᠠᠮᠵᠢᠯᠴᠠᠨ ᠬᠠᠮᠵᠢᠯᠴᠠᠬᠤ ᠵᠡᠷᠭᠡ ᠵᠠᠩᠭᠢᠯᠠᠭ᠎ᠠ ᠶᠢᠨ ᠵᠥᠪᠯᠡᠬᠦ | ᠵᠦᠢᠯ ᠤᠨ ᠲᠤᠬᠠᠢ ᠭᠦᠨᠵᠡᠭᠡᠢ ᠶᠠᠷᠢᠯᠴᠠᠵᠤ᠂ ᠴᠢᠬᠤᠯᠠ ᠬᠠᠮᠲᠤ ᠶᠢᠨ ᠲᠠᠨᠢᠯᠲᠠ ᠲᠠᠢ ᠪᠣᠯᠵᠠᠢ᠃ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠯ᠎ᠠ ᠪᠠᠷ᠂ ᠲᠣᠭᠲᠠᠮᠠᠯ | ᠬᠤᠭᠤᠴᠠᠭ᠎ᠠ ᠲᠠᠢ ᠪᠠᠷ ᠬᠠᠷᠢᠯᠴᠠᠨ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ᠂ ᠡᠷᠡᠭᠦᠦ ᠶᠢᠨ ᠬᠤᠭᠤᠴᠠᠭ᠎ᠠ ᠨᠢ | ᠳᠠᠭᠤᠰᠴᠤ ᠰᠤᠯᠠᠯᠠᠭᠳᠠᠭᠰᠠᠨ ᠬᠥᠮᠥᠰ ᠲᠤ ᠬᠤᠯᠪᠣᠭᠳᠠᠭᠰᠠᠨ ᠬᠥᠳᠡᠯᠦᠩᠭᠦᠢ ᠮᠡᠳᠡᠭᠡ ᠵᠠᠩᠭᠢ ᠵᠢᠴᠢ ᠬᠠᠷᠢᠶ᠎ᠠ ᠣᠷᠣᠨ ᠤ ᠳᠣᠲᠣᠷᠠᠬᠢ ᠨᠡᠶᠢᠭᠡᠮ ᠤᠨ ᠲᠣᠭᠲᠠᠭᠤᠨ | ᠪᠠᠶᠢᠳᠠᠯ ᠢ ᠨᠥᠯᠥᠭᠡᠯᠡᠵᠦ ᠮᠡᠳᠡᠬᠦ ᠬᠦᠨᠳᠦ ᠶᠡᠭᠡ ᠵᠥᠷᠢᠴᠡᠯ ᠵᠠᠭᠤᠷᠠᠯᠳᠤᠭᠠᠨ ᠪᠠ ᠠᠮᠤᠷ ᠲᠦᠪᠰᠢᠨ ᠤ ᠳᠠᠯᠳᠠ ᠬᠡᠮ ᠢ ᠭᠠᠷᠠᠭ ᠪᠦᠷᠢ ᠬᠠᠷᠢᠯᠴᠠᠨ ᠮᠡᠳᠡᠭᠳᠡᠨ᠎ᠡ᠃ | ᠬᠠᠮᠵᠢᠯᠴᠠᠨ ᠬᠠᠮᠵᠢᠯᠴᠠᠬᠤ ᠲᠠᠯ᠎ᠠ ᠪᠠᠷ᠂ ᠭᠡᠨᠡᠳᠲᠡ ᠶᠢᠨ ᠬᠡᠷᠡᠭ ᠪᠠ ᠬᠦᠨᠳᠦ ᠶᠡᠭᠡ ᠬᠡᠷᠡᠭ ᠲᠤ ᠴᠢᠭᠯᠡᠭᠦᠯᠦᠨ᠂ ᠬᠤᠶᠠᠷ ᠲᠠᠯ᠎ᠠ ᠪᠠᠷ ᠢᠶᠠᠨ ᠬᠠᠮᠲᠤᠷᠠᠭᠰᠠᠨ ᠠᠵᠢᠯᠯᠠᠬᠤ | ᠳᠤᠭᠤᠶᠢᠯᠠᠩ ᠪᠠᠶᠢᠭᠤᠯᠵᠤ᠂ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠮᠲᠤ ᠪᠠᠷ ᠥᠷᠨᠢᠭᠦᠯᠦᠨ᠎ᠡ︔ ᠢᠷᠭᠡᠨ ᠤ ᠬᠡᠷᠡᠭ ᠤᠨ ᠵᠠᠭᠤᠷᠠᠯᠳᠤᠭᠠᠨ ᠠᠴᠠ ᠪᠣᠯᠤᠭᠰᠠᠨ | ᠠᠮᠤᠷ ᠢ ᠬᠠᠮᠠᠭᠠᠯᠠᠬᠤ ᠬᠡᠷᠡᠭ ᠢ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠠᠴᠠ ᠴᠠᠭᠳᠠᠭ᠎ᠠ ᠶᠢᠨ ᠠᠵᠢᠯ ᠬᠢᠭᠰᠡᠨ ᠤ ᠲᠠᠷᠠᠭ᠎ᠠ᠂ ᠬᠠᠤᠯᠢ ᠴᠠᠭᠠᠵᠠ ᠶᠢᠨ | ᠰᠠᠯᠪᠤᠷᠢ ᠴᠠᠭ ᠲᠤᠬᠠᠢ ᠳᠤᠨᠢ ᠡᠶᠡᠳᠡᠭᠦᠯᠭᠡ ᠳᠤ ᠣᠷᠣᠯᠴᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠵᠠᠭᠤᠷᠠᠯᠳᠤᠭᠠᠨ ᠢ ᠰᠢᠢᠳᠪᠦᠷᠢᠯᠡᠬᠦ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ᠬᠠᠮᠤᠭ ᠤᠨ ᠰᠡᠭᠦᠯ ᠳᠤ᠂ ᠬᠤᠶᠠᠷ ᠰᠠᠯᠪᠤᠷᠢ ᠶᠢᠨ ᠬᠢᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠪᠠᠶᠢᠭᠤᠯᠬᠤ ᠬᠤᠯᠪᠤᠭᠠᠯᠠᠨ | ᠬᠥᠳᠡᠯᠦᠯᠴᠡᠬᠦ ᠵᠥᠪᠯᠡᠯᠴᠡᠭᠡᠷ ᠲᠣᠬᠢᠷᠠᠯᠴᠠᠵᠠᠢ᠃ | ᠲᠣᠰ ᠤᠳᠠᠭᠠᠨ ᠤ ᠬᠠᠮᠲᠤᠷᠠᠭᠰᠠᠨ ᠬᠤᠷᠠᠯᠳᠤᠭᠠᠨ ᠢ ᠠᠮᠵᠢᠯᠲᠠ ᠲᠠᠢ ᠬᠤᠷᠠᠯᠳᠤᠭᠤᠯᠤᠭᠰᠠᠨ ᠨᠢ ᠬᠠᠤᠯᠢ ᠴᠠᠭᠠᠵᠠ ᠶᠢᠨ ᠰᠠᠯᠪᠤᠷᠢ ᠪᠣᠯᠣᠨ | ᠲᠣᠮᠢᠯᠠᠭᠰᠠᠨ ᠰᠠᠯᠪᠤᠷᠢ ᠳᠤ ᠰᠠᠶᠢᠨ ᠰᠠᠶᠢᠬᠠᠨ ᠨᠡᠪᠲᠡᠷᠡᠯᠴᠡᠨ ᠬᠠᠮᠵᠢᠯᠴᠠᠬᠤ ᠲᠠᠪᠴᠠᠩ ᠢ ᠪᠠᠶᠢᠭᠤᠯᠤᠨ ᠥᠭᠴᠦ᠂ ᠬᠤᠶᠠᠷ ᠲᠠᠯ᠎ᠠ ᠶᠢᠨ ᠡᠬᠢ ᠪᠠᠶᠠᠯᠢᠭ ᠢ ᠡᠮᠬᠢᠯᠡᠨ | ᠨᠡᠶᠢᠯᠡᠭᠦᠯᠵᠦ᠂ ᠠᠵᠢᠯ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠷᠢᠯᠳᠦᠭᠦᠯᠦᠨ᠂ ᠬᠠᠷᠢᠶᠠᠲᠤ ᠣᠷᠣᠨ ᠤ ᠨᠡᠶᠢᠭᠡᠮ ᠤᠨ ᠲᠣᠭᠲᠠᠭᠤᠨ ᠪᠠᠶᠢᠳᠠᠯ ᠪᠠ ᠡᠶ᠎ᠡ | ᠵᠣᠬᠢᠴᠠᠯ ᠢ ᠬᠠᠮᠲᠤ ᠪᠠᠷ ᠬᠠᠮᠠᠭᠠᠯᠠᠬᠤ ᠳᠤ ᠠᠰᠢᠭᠲᠠᠢ ᠶᠤᠮ᠃ ᠢᠷᠡᠭᠡᠳᠦᠢ ᠳᠤ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ | ᠦᠨᠳᠦᠰᠦᠨ ᠱᠠᠲᠤᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠵᠠᠭᠪᠤᠷ ᠤᠨ ᠰᠢᠨ᠎ᠡ ᠶᠢ ᠡᠭᠦᠳᠬᠦ ᠶᠢ ᠲᠠᠰᠤᠷᠠᠯᠲᠠ ᠦᠭᠡᠢ ᠰᠦᠪᠡᠭᠴᠢᠯᠡᠵᠦ᠂ ᠤᠯᠠᠨ | ᠲᠦᠮᠡᠨ ᠳᠤ ᠨᠡᠩ ᠰᠢᠯᠢᠳᠡᠭ ᠥᠨᠳᠥᠷ ᠪᠦᠲᠦᠮᠵᠢᠲᠡᠢ ᠬᠠᠤᠯᠢ ᠴᠠᠭᠠᠵᠠ ᠶᠢᠨ ᠦᠢᠯᠡᠴᠢᠯᠡᠭᠡ ᠪᠠ ᠠᠮᠤᠷ ᠲᠦᠪᠰᠢᠨ ᠤ ᠪᠠᠲᠤᠯᠠᠭ᠎ᠠ ᠬᠠᠩᠭᠠᠨ᠎ᠠ᠃ | | |