ᠳᠠᠷᠠᠭ᠎ᠠ ᠭᠠᠷᠠᠭ ᠤᠨ ᠠᠵᠢᠯᠯᠠᠬᠤ ᠴᠠᠭ ᠬᠤᠪᠢᠷᠠᠯᠲᠠ ᠲᠠᠢ
ᠨᠡᠶᠢᠲᠡᠯᠡᠭᠰᠡᠨ ᠴᠠᠭ᠄
2025/4/16
          2025 ᠣᠨ ᠤ ᠬᠥᠳᠡᠯᠮᠦᠷᠢᠴᠢᠳ ᠤᠨ ᠪᠠᠶᠠᠷ ᠤᠨ ᠡᠳᠦᠷ ᠤᠳᠠᠯ ᠦᠭᠡᠢ ᠬᠦᠷᠴᠦ ᠢᠷᠡᠬᠦ ᠭᠡᠵᠦ ᠪᠤᠢ᠂ ᠳᠠᠷᠠᠭ᠎ᠠ ᠭᠠᠷᠠᠭ ᠤᠨ ᠠᠵᠢᠯᠯᠠᠬᠤ ᠴᠠᠭ ᠬᠤᠪᠢᠷᠠᠯᠲᠠ ᠲᠠᠢ᠃ 4 ᠰᠠᠷ᠎ᠠ ᠶᠢᠨ 27᠎ ᠤ ᠡᠳᠦᠷ ︵ᠭᠠᠷᠠᠭ ᠤᠨ ᠡᠳᠦᠷ︶ ᠠᠵᠢᠯᠯᠠᠵᠤ᠂ 5 ᠰᠠᠷ᠎ᠠ ᠶᠢᠨ 1᠎ ᠤ ᠡᠳᠦᠷ ︵ᠭᠠᠷᠠᠭ ᠤᠨ ᠳᠥᠷᠪᠡᠨ︶᠎ ᠠᠴᠠ 5᠎ ᠤ ᠡᠳᠦᠷ ︵ᠭᠠᠷᠠᠭ ᠤᠨ ᠨᠢᠭᠡᠨ︶ ᠪᠣᠯᠲᠠᠯ᠎ᠠ ᠨᠡᠶᠢᠲᠡ 5 ᠡᠳᠦᠷ ᠠᠮᠠᠷᠠᠨ᠎ᠠ᠃          ᠬᠥᠳᠡᠯᠮᠦᠷᠢᠴᠢᠳ ᠤᠨ ᠪᠠᠶᠠᠷ ᠤᠨ ᠡᠳᠦᠷ ᠤᠨ ᠠᠮᠠᠷᠠᠯᠲᠠ ᠶᠢᠨ ᠬᠤᠭᠤᠴᠠᠭᠠᠨ ᠳᠤ ᠲᠤᠬᠠᠶᠢᠯᠠᠪᠠᠯ 5 ᠰᠠᠷ᠎ᠠ ᠶᠢᠨ 1᠎ ᠤ ᠡᠳᠦᠷ ᠤᠨ 0 ᠴᠠᠭ ᠠᠴᠠ 5᠎ ᠤ ᠡᠳᠦᠷ ᠤᠨ 24 ᠴᠠᠭ ᠪᠤᠯᠳᠠᠯᠠᠬᠢ ᠬᠤᠭᠤᠴᠠᠭᠠᠨ ᠳᠤ ᠰᠦᠢᠳᠬᠡᠯ ᠬᠤᠷᠢᠶᠠᠳᠠᠭ ᠪᠤᠶ ᠪᠦᠬᠦᠢ ᠵᠠᠰᠠᠮᠠᠯ ᠵᠠᠮ ︵ᠨᠢᠰᠬᠡᠯ ᠤᠨ ᠪᠠᠭᠤᠳᠠᠯ ᠤᠨ ᠲᠦᠷᠭᠡᠨ ᠤ ᠵᠠᠰᠠᠮᠠᠯ ᠵᠠᠮ᠂ ᠰᠦᠢᠳᠬᠡᠯ ᠬᠤᠷᠢᠶᠠᠳᠠᠭ ᠬᠥᠭᠦᠷᠭᠡ ᠪᠣᠯᠤᠨ ᠨᠦᠬᠡᠨ ᠵᠠᠮ ᠪᠠᠭᠲᠠᠨ᠎ᠠ︶᠎ ᠨᠢ ᠪᠠᠭ᠎ᠠ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ ᠠᠴᠠ ᠲᠡᠷᠭᠡ ᠨᠡᠪᠲᠡᠷᠡᠬᠦ ᠰᠦᠢᠳᠬᠡᠯ ᠬᠤᠷᠢᠶᠠᠬᠤ ᠦᠭᠡᠶ᠃ 5 ᠰᠠᠷ᠎ᠠ ᠶᠢᠨ 6᠎ ᠤ ᠡᠳᠦᠷ ᠤᠨ 0 ᠴᠠᠭ ᠠᠴᠠ ᠡᠬᠢᠯᠡᠨ ᠬᠡᠪ ᠤᠨ ᠶᠣᠰᠣᠭᠠᠷ ᠰᠦᠢᠳᠬᠡᠯ ᠬᠤᠷᠢᠶᠠᠬᠤ ᠪᠠᠨ ᠰᠡᠷᠭᠦᠭᠡᠨ᠎ᠡ᠃
ᠢᠷᠡᠯᠲᠡ᠄ ᠠᠷᠠᠳ ᠤᠨ ᠰᠦᠯᠵᠢᠶ᠎ᠡ