4 ᠰᠠᠷ᠎ᠠ ᠶᠢᠨ 15 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠬᠤᠰᠢᠭᠤᠨ ᠤ | ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠵᠦ᠂ ᠤᠯᠠᠮᠵᠢᠯᠠᠯᠲᠤ ᠮᠠᠯ ᠠᠵᠤ ᠠᠬᠤᠢ ᠶᠢᠨ | ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠲᠤᠰᠬᠠᠢ ᠠᠩᠭᠢ ᠶᠢᠨ ᠠᠯᠪᠠᠨ ᠭᠡᠷ᠂ ᠬᠤᠶᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ | ᠳᠠᠭᠠᠭᠠᠴᠢᠯᠠᠯᠲᠠ ᠶᠢ ᠤᠷᠲᠤᠳᠬᠠᠬᠤ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠤᠨ ᠲᠤᠰᠬᠠᠢ ᠠᠩᠭᠢ ᠶᠢᠨ ᠠᠯᠪᠠᠨ ᠭᠡᠷ ᠲᠤ ᠪᠠᠶᠢᠴᠠᠭᠠᠨ | ᠰᠤᠳᠤᠯᠤᠯᠲᠠ ᠬᠢᠵᠦ ᠠᠵᠢᠯ ᠢ ᠵᠢᠭᠠᠨ ᠵᠢᠯᠣᠭᠤᠳᠪᠠ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠦ᠋ ᠰᠢᠤᠸᠠᠢ ᠶᠦᠩ ᠲᠤᠰᠬᠠᠢ ᠠᠩᠭᠢ ᠶᠢᠨ ᠠᠯᠪᠠᠨ ᠭᠡᠷ ᠤᠨ ᠠᠵᠢᠯᠲᠠᠨ ᠤ ᠲᠣᠬᠢᠷᠠᠭᠤᠯᠤᠯᠲᠠ᠂ | ᠲᠣᠭᠲᠠᠴᠠ ᠶᠢᠨ ᠠᠵᠢᠯᠯᠠᠭᠠᠨ ᠵᠢᠴᠢ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠡᠭᠦᠷᠭᠡ ᠶᠢ ᠲᠦᠯᠬᠢᠨ ᠠᠬᠢᠭᠤᠯᠵᠤ ᠪᠠᠶᠢᠭ᠎ᠠ ᠪᠠᠶᠢᠳᠠᠯ ᠢ ᠨᠠᠷᠢᠨ | ᠣᠶᠢᠯᠠᠭᠠᠪᠠ᠃ | ᠦ᠋ ᠰᠢᠤᠸᠠᠢ ᠶᠦᠩ ᠵᠢᠭᠠᠵᠤ ᠭᠠᠷᠭᠠᠭᠰᠠᠨ ᠨᠢ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ | ᠰᠢᠰᠲ᠋ᠧᠮ ᠲᠠᠢ ᠰᠢᠢᠳᠪᠦᠷᠢᠯᠡᠵᠦ᠂ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ᠂ ᠬᠤᠶᠠᠳᠤᠭᠠᠷ | ᠡᠭᠡᠯᠵᠢ ᠶᠢᠨ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢ ᠤᠷᠲᠤᠳᠬᠠᠬᠤ ᠪᠠᠶᠢᠳᠠᠯ ᠢ ᠣᠶᠢᠯᠠᠭᠠᠵᠤ ᠳᠠᠷᠠᠭᠠᠯᠠᠨ ᠪᠠᠶᠢᠴᠠᠭᠠᠬᠤ ᠨᠢ ᠠᠮᠢ ᠠᠬᠤᠢ ᠶᠢᠨ ᠠᠮᠤᠷ | ᠲᠦᠪᠰᠢᠨ᠂ ᠮᠠᠯᠴᠢᠳ ᠤᠨ ᠠᠵᠤ ᠠᠮᠢᠳᠤᠷᠠᠯ ᠪᠣᠯᠣᠨ ᠰᠢᠨ᠎ᠡ ᠪᠠᠷᠭᠤ ᠵᠡᠭᠦᠨ ᠬᠤᠰᠢᠭᠤᠨ ᠤ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠨ᠎ᠠ᠂ ᠲᠤᠰᠬᠠᠢ | ᠠᠩᠭᠢ ᠶᠢᠨ ᠠᠯᠪᠠᠨ ᠭᠡᠷ ᠳᠡᠭᠡᠳᠦ ᠱᠠᠲᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠭᠦᠷᠭᠡ ᠬᠠᠷᠠᠯᠲᠠ ᠶᠢ ᠴᠢᠩᠭ᠎ᠠ | ᠠᠩᠬᠠᠷᠴᠤ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠶᠢ ᠴᠢᠩᠭᠠᠳᠬᠠᠵᠤ᠂ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ | ᠠᠬᠢᠭᠤᠯᠬᠤ ᠬᠡᠷᠡᠭᠲᠡᠢ᠃ | ᠦ᠋ ᠰᠢᠤᠸᠠᠢ ᠶᠦᠩ ᠴᠢᠬᠤᠯᠠᠴᠢᠯᠠᠭᠰᠠᠨ ᠨᠢ᠂ ᠲᠤᠰᠬᠠᠢ ᠠᠩᠭᠢ ᠶᠢᠨ ᠠᠯᠪᠠᠨ ᠭᠡᠷ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ | ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠡᠯ᠎ᠡ ᠠᠵᠢᠯ ᠤᠨ ᠳᠤᠭᠤᠶᠢᠯᠠᠩ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠡᠯ᠎ᠡ | ᠲᠦᠷᠦᠯ ᠤᠨ ᠠᠵᠢᠯ ᠢ ᠨᠢᠭᠲᠠ ᠵᠣᠯᠭᠠᠭᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠠᠵᠢᠯ ᠤᠨ ᠳᠤᠭᠤᠶᠢᠯᠠᠩ ᠲᠤᠰ ᠲᠤᠰ ᠤᠨ ᠡᠭᠦᠷᠭᠡ ᠲᠤᠰᠢᠶᠠᠯ ᠢᠶᠠᠨ | ᠭᠦᠢᠴᠡᠳᠬᠡᠵᠦ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠡᠯ᠎ᠡ ᠵᠦᠢᠯ ᠤᠨ ᠡᠭᠦᠷᠭᠡ ᠶᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ᠃ ᠳᠡᠭᠡᠭᠰᠢ | ᠳᠠᠮᠵᠢᠭᠤᠯᠬᠤ ᠪᠠ ᠳᠣᠷᠣᠭᠰᠢ ᠪᠠᠭᠤᠯᠭᠠᠬᠤ ᠡᠭᠦᠷᠭᠡ ᠴᠢᠳᠠᠪᠬᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠳᠡᠭᠡᠳᠦ ᠱᠠᠲᠤᠨ ᠤ ᠵᠢᠯᠤᠭᠤᠳᠬᠤ ᠰᠠᠨᠠᠯ ᠪᠣᠯᠣᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠨᠳᠦᠰᠦᠨ ᠱᠠᠲᠤᠨ ᠳᠤ ᠣᠨᠣᠪᠴᠢᠲᠠᠢ ᠤᠯᠠᠮᠵᠢᠯᠠᠵᠤ᠂ ᠠᠵᠢᠯ ᠤᠨ ᠪᠠᠶᠢᠳᠠᠯ ᠢ ᠨᠢᠭᠲᠠ ᠮᠥᠷᠳᠡᠵᠦ᠂ | ᠴᠠᠭ ᠲᠤᠬᠠᠢ ᠳᠤᠨᠢ ᠳᠡᠭᠡᠭᠰᠢ ᠬᠠᠷᠢᠭᠤ ᠮᠡᠳᠡᠭᠦᠯᠦᠨ ᠵᠢᠭᠠᠪᠤᠷᠢ ᠠᠪᠴᠤ᠂ ᠥᠨᠳᠥᠷ ᠪᠦᠲᠦᠮᠵᠢᠲᠡᠢ ᠢᠯᠭᠤᠮ ᠤᠷᠤᠭᠰᠢᠲᠠᠢ ᠠᠵᠢᠯ ᠤᠨ ᠪᠢᠲᠡᠭᠦᠦ ᠴᠠᠭᠠᠷᠢᠭ ᠢ | ᠪᠦᠷᠢᠯᠳᠦᠭᠦᠯᠬᠦ ᠬᠡᠷᠡᠭᠲᠡᠢ᠃ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠤᠨ ᠲᠤᠷᠰᠢᠯᠭ᠎ᠠ ᠪᠠᠨ ᠴᠠᠭ | ᠲᠤᠬᠠᠢ ᠳᠤᠨᠢ ᠳ᠋ᠦᠩᠨᠡᠵᠦ᠂ ᠣᠷᠣᠰᠢᠵᠤ ᠪᠠᠶᠢᠭ᠎ᠠ ᠠᠰᠠᠭᠤᠳᠠᠯ ᠢ ᠣᠨᠣᠪᠴᠢᠲᠠᠢ ᠵᠠᠳᠠᠯᠵᠤ᠂ ᠠᠪᠬᠤ ᠠᠷᠭ᠎ᠠ ᠬᠡᠮᠵᠢᠶ᠎ᠡ ᠶᠢ ᠰᠤᠳᠤᠯᠵᠤ᠂ ᠲᠠᠰᠤᠷᠠᠯᠳᠡ ᠦᠭᠡᠢ | ᠰᠢᠯᠢᠳᠡᠭᠵᠢᠭᠦᠯᠦᠨ ᠳᠡᠭᠡᠭᠰᠢᠯᠡᠭᠦᠯᠵᠦ᠂ ᠡᠯ᠎ᠡ ᠵᠦᠢᠯ ᠤᠨ ᠡᠭᠦᠷᠭᠡ ᠶᠢ ᠥᠨᠳᠥᠷ ᠪᠦᠲᠦᠮᠵᠢᠲᠡᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ | ᠬᠤᠰᠢᠭᠤᠨ ᠤ ᠤᠳᠤᠷᠢᠳᠤᠯᠭ᠎ᠠ ᠬᠠᠳᠠ᠂ ᠵᠥᠩ ᠱᠧᠦ ᠴᠢᠥᠸᠠᠨ ᠵᠢᠴᠢ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃ |