ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠢ ᠦᠨᠳᠦᠰᠦᠯᠡᠨ ᠣᠶᠢᠷ᠎ᠠ ᠳᠤ | ᠲᠥᠪ ᠤᠨ ᠠᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠭᠤᠷᠢᠨ ᠪᠠᠶᠢᠴᠠᠭᠠᠬᠤ ᠠᠵᠢᠯ ᠤᠨ | ᠳᠠᠶᠢᠴᠢᠯᠠᠯᠲᠠ ᠶᠢᠨ ᠬᠤᠷᠠᠯ ᠬᠤᠷᠠᠯᠳᠤᠪᠠ᠃ ᠲᠥᠪ ᠤᠨ ᠠᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠴᠧᠨ ᠵᠠᠩ ᠶᠦᠩ ᠳᠠᠶᠢᠴᠢᠯᠠᠯᠲᠠ ᠶᠢᠨ | ᠶᠠᠷᠢᠶ᠎ᠠ ᠲᠠᠯᠪᠢᠵᠤ᠂ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠬᠤ᠂ ᠲᠣᠭᠤᠷᠢᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠲᠤᠬᠠᠢ ᠱᠠᠭᠠᠷᠳᠠᠯᠭ᠎ᠠ ᠳᠤᠷᠠᠳᠪᠠ᠃ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ | | | | | | ᠲᠥᠪ ᠤᠨ ᠠᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠭᠤᠷᠢᠨ | ᠪᠠᠶᠢᠴᠠᠭᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠪᠠ᠃ | ᠳᠤᠰ ᠰᠣᠨᠢᠨ ᠤ ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠪᠣᠯᠣᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ | ᠪᠠᠭ ᠤᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠥᠪ ᠤᠨ ᠠᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ᠂ ᠲᠥᠪ ᠤᠨ ᠲᠣᠭᠤᠷᠢᠨ ᠪᠠᠶᠢᠴᠠᠭᠠᠬᠤ ᠠᠵᠢᠯ ᠤᠨ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠵᠠᠢ︔ ᠥᠪᠡᠷᠲᠡᠭᠡᠨ ᠵᠠᠰᠠᠬᠤ ᠣᠷᠣᠨ ᠤ ᠲᠤᠰᠢᠶᠠᠯ ᠳᠤ | ᠪᠠᠶᠢᠭ᠎ᠠ ᠪᠤᠰᠤᠳ ᠳᠡᠳ᠋ ᠮᠤᠵᠢ ᠶᠢᠨ ᠲᠡᠰ ᠤᠨ ᠤᠳᠤᠷᠢᠳᠬᠤ ᠺᠠᠳ᠋ᠷ᠂ ᠮᠤᠵᠢ ᠶᠢᠨ ᠲᠡᠰ ᠤᠨ ᠠᠵᠢᠯ ᠠᠴᠠ ᠪᠠᠨ ᠠᠮᠠᠷᠠᠭᠰᠠᠨ ᠬᠡᠰᠡᠭ ᠠᠬᠠᠮᠠᠳ ᠨᠥᠬᠦᠳ᠂ | ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠣᠯᠣᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ | ᠬᠡᠯᠲᠡᠰ ᠤᠨ ᠤᠳᠤᠷᠢᠳᠬᠤ ᠪᠠᠭ ᠤᠨ ᠪᠦᠷᠢᠯᠳᠦᠭᠦᠨ᠂ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ | ᠭᠡᠷ ᠤᠨ ᠡᠷᠭᠢᠯᠡᠭᠴᠢ ᠪᠣᠯᠣᠨ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠡᠯ᠎ᠡ ᠰᠠᠯᠠᠭ᠎ᠠ ᠮᠥᠴᠢᠷ ᠪᠣᠯᠣᠨ ᠮᠠᠨ ᠤ ᠣᠷᠣᠨ ᠳᠤ ᠰᠠᠭᠤᠭ᠎ᠠ ᠲᠥᠪ ᠤᠨ ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ | ᠬᠤᠷᠠᠯ ᠳᠤ ᠰᠤᠯᠠ ᠣᠷᠣᠯᠴᠠᠵᠠᠢ︔ ᠡᠯ᠎ᠡ ᠠᠶᠢᠮᠠᠭ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ︵ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ︶ | ᠪᠣᠯᠣᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︵ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ | ᠬᠤᠷᠢᠶ᠎ᠠ︶᠂ ᠵᠠᠰᠠᠭ ᠤᠨ ᠣᠷᠳᠣᠨ ︵ᠵᠠᠬᠢᠷᠭ᠎ᠠ︶᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ | ᠪᠦᠷᠢᠯᠳᠦᠭᠦᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠢᠳᠢᠤ᠋ ᠬᠤᠷᠠᠯ ᠤᠨ ᠭᠡᠯᠪᠡᠷᠢ ᠪᠠᠷ ᠬᠤᠷᠠᠯ ᠳᠤ | ᠰᠤᠯᠠ ᠣᠷᠣᠯᠴᠠᠪᠠ᠃ | ᠴᠧᠨ ᠵᠠᠩ ᠶᠦᠩ᠂ ᠲᠣᠭᠤᠷᠢᠨ ᠪᠠᠶᠢᠴᠠᠭᠠᠬᠤ ᠪᠣᠯ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠳᠦᠷᠢᠮ ᠤᠨ ᠲᠣᠬᠢᠷᠠᠭᠤᠯᠤᠯᠲᠠ ᠮᠥᠨ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠤᠯᠤᠰ ᠲᠥᠷᠥ ᠶᠢᠨ ᠵᠣᠭᠰᠣᠴᠠ ᠪᠠᠨ ᠦᠨᠡᠨ | ᠬᠦ ᠳᠡᠭᠡᠭᠰᠢᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ | ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠲᠣᠭᠤᠷᠢᠨ ᠪᠠᠶᠢᠴᠠᠭᠠᠬᠤ ᠠᠵᠢᠯ ᠤᠨ | ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠬᠢᠨᠠᠯᠲᠠ ᠲᠠᠯᠪᠢᠬᠤ ᠶᠢ ᠵᠥᠪ ᠲᠠᠨᠢᠵᠤ᠂ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠵᠦ᠂ ᠲᠥᠪ ᠤᠨ ᠲᠣᠭᠤᠷᠢᠨ | ᠪᠠᠶᠢᠴᠠᠭᠠᠬᠤ ᠳᠤᠭᠤᠶᠢᠯᠠᠩ ᠤᠨ ᠠᠵᠢᠯ ᠢ ᠢᠳᠡᠪᠬᠢᠲᠡᠢ ᠳᠡᠮᠵᠢᠨ ᠬᠠᠮᠵᠢᠯᠴᠠᠵᠤ᠂ ᠨᠠᠮ ᠤᠨ ᠲᠥᠪ ᠬᠤᠷᠢᠶ᠎ᠠ ᠠᠴᠠ ᠲᠤᠰᠢᠶᠠᠭᠰᠠᠨ ᠲᠣᠭᠤᠷᠢᠨ ᠪᠠᠶᠢᠴᠠᠭᠠᠬᠤ | ᠡᠭᠦᠷᠭᠡ ᠶᠢ ᠡᠷᠡᠰ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠴᠧᠨ ᠵᠠᠩ ᠶᠦᠩ᠂ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠭᠦᠳᠡ ᠬᠤᠷᠠᠯ ᠤᠨ ᠪᠠᠶᠢᠷᠢᠯᠠᠭᠤᠯᠤᠯᠲᠠ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠲᠣᠭᠤᠷᠢᠨ ᠪᠠᠶᠢᠴᠠᠭᠠᠬᠤ ᠪᠠᠶᠢᠷᠢ ᠲᠣᠭᠲᠠᠭᠠᠯᠲᠠ ᠶᠢ ᠲᠣᠪᠤᠶᠢᠯᠭᠠᠵᠤ᠂ ᠲᠣᠭᠤᠷᠢᠨ ᠪᠠᠶᠢᠴᠠᠭᠠᠬᠤ ᠠᠵᠢᠯ ᠤᠨ | ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠲᠤᠭ ᠲᠡᠮᠳᠡᠭ ᠲᠣᠳᠣᠷᠬᠠᠢ ᠪᠠᠷ ︽ᠬᠤᠶᠠᠷ ᠢ ᠬᠠᠮᠠᠭᠠᠯᠠᠬᠤ︾ ᠶᠢ ᠦᠨᠳᠦᠰᠦᠨ ᠡᠭᠦᠷᠭᠡ ᠪᠠᠨ ᠪᠣᠯᠭᠠᠨ᠎ᠠ᠃ ᠭᠤᠣᠯ | ᠠᠵᠢᠯ ᠤᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠴᠢᠩᠭ᠎ᠠ ᠪᠠᠶᠢᠬᠤ ᠦᠨᠳᠦᠰᠦᠨ ᠭᠦᠭ | ᠠᠶᠠᠰ ᠢ ᠪᠠᠷᠢᠮᠲᠠᠯᠠᠵᠤ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠶᠡᠷᠦᠩᠬᠡᠶᠢᠯᠡᠨ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠵᠤ᠂ ᠦᠨᠡᠨ ᠠᠴᠠ ᠵᠥᠪ ᠢ ᠡᠷᠢᠬᠦ᠂ | ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠬᠢᠨᠠᠯᠲᠠ ᠲᠠᠯᠪᠢᠬᠤ ᠶᠢ ᠣᠨᠣᠪᠴᠢᠲᠠᠢ ᠪᠥᠭᠡᠳ | ᠪᠦᠲᠦᠮᠵᠢᠲᠡᠢ ᠥᠷᠨᠢᠭᠦᠯᠦᠨ᠎ᠡ᠃ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠬᠠᠢ ᠴᠢᠳᠠᠮᠵᠢ ᠶᠢᠨ ᠪᠠᠶᠢᠷᠢ | ᠲᠣᠭᠲᠠᠭᠠᠯᠲᠠ ᠪᠠ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠪᠦᠭᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠤᠭᠰᠠᠨ᠂ ᠤᠳᠤᠷᠢᠳᠬᠤ ᠪᠠᠭ᠂ ᠺᠠᠳ᠋ᠷ ᠴᠢᠳᠠᠪᠤᠷᠢᠲᠠᠨ ᠤ ᠡᠩᠨᠡᠭᠡ ᠪᠣᠯᠣᠨ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠭᠰᠠᠨ ᠵᠢᠴᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠭᠦᠨᠵᠡᠭᠡᠢ | ᠣᠶᠢᠯᠠᠭᠠᠵᠤ᠂ ᠡᠷᠬᠡ ᠪᠣᠯᠣᠨ ᠬᠠᠷᠢᠭᠤᠴᠠᠯᠭ᠎ᠠ ᠶᠢ ᠴᠢᠩᠭ᠎ᠠ ᠠᠩᠬᠠᠷᠴᠤ᠂ ︽ᠨᠢᠭᠡᠳᠦᠭᠡᠷ ᠬᠠᠷᠢᠭᠤᠴᠠᠯᠭᠠᠲᠠᠨ︾ ᠪᠣᠯᠣᠨ ᠤᠳᠤᠷᠢᠳᠬᠤ ᠪᠠᠭ ᠢ ᠴᠢᠩᠭ᠎ᠠ ᠠᠩᠬᠠᠷᠴᠤ᠂ | ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠠᠰᠠᠭᠤᠳᠠᠯ ᠢ ᠴᠢᠩᠭ᠎ᠠ ᠠᠩᠬᠠᠷᠴᠤ᠂ ᠤᠯᠤᠰ ᠲᠦᠷᠦ ᠶᠢᠨ ᠵᠥᠷᠢᠶ᠎ᠡ ᠶᠢ ᠬᠦᠴᠦᠯᠡᠨ ᠡᠷᠢᠵᠦ᠂ ᠲᠣᠪᠣᠶᠢᠮ᠎ᠠ | ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠨ᠎ᠠ ᠭᠡᠵᠦ | ᠵᠢᠭᠠᠵᠤ ᠭᠠᠷᠭᠠᠪᠠ᠃ | ᠰᠦᠨ ᠱᠤᠤ ᠴᠧᠩ᠂ ᠡᠨᠡ ᠤᠳᠠᠭ᠎ᠠ ᠶᠢᠨ ᠲᠣᠭᠤᠷᠢᠨ ᠪᠠᠶᠢᠴᠠᠭᠠᠯᠲᠠ ᠪᠣᠯ ᠥᠪᠥᠷ ᠮᠣᠩᠭᠤᠯ ᠳᠤ ᠬᠢᠭᠰᠡᠨ ᠨᠢᠭᠡ ᠤᠳᠠᠭ᠎ᠠ ᠶᠢᠨ ᠪᠦᠭᠦ ᠲᠠᠯ᠎ᠠ ᠶᠢᠨ | ᠤᠯᠤᠰ ᠲᠦᠷᠦ ᠶᠢᠨ ᠪᠠᠶᠢᠴᠠᠭᠠᠯᠲᠠ ᠪᠠ ᠬᠦᠴᠦᠲᠡᠢ ᠠᠵᠢᠯ ᠤᠨ ᠵᠢᠯᠣᠭᠤᠳᠤᠯᠭ᠎ᠠ ᠪᠠᠶᠢᠵᠤ᠂ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ | ᠬᠤᠷᠢᠶ᠎ᠠ ᠠᠴᠠ ᠥᠪᠥᠷ ᠮᠣᠩᠭᠤᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠠᠶᠢᠬᠤ ᠪᠠ ᠭᠦᠨ ᠬᠠᠯᠠᠮᠵᠢᠯᠠᠵᠤ ᠪᠠᠶᠢᠬᠤ ᠶᠢ ᠭᠦᠢᠴᠡᠳ ᠬᠠᠷᠠᠭᠤᠯᠵᠤ | ᠪᠠᠶᠢᠨ᠎ᠠ᠃ ᠪᠦᠭᠦ ᠣᠷᠣᠨ ᠤ ᠡᠯ᠎ᠡ ᠱᠠᠲᠤᠨ ᠤ ᠬᠢᠨ ᠤᠬᠠᠮᠰᠠᠷ ᠠᠴᠠ ᠪᠠᠨ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠬᠦᠯᠢᠶᠡᠬᠦ ᠶᠢ ︽ᠬᠤᠶᠠᠷ ᠢ ᠬᠠᠮᠠᠭᠠᠯᠠᠬᠤ︾ | ᠶᠢ ᠦᠢᠯᠡᠳᠦᠯᠭᠡᠵᠢᠭᠦᠯᠬᠦ ᠶᠢᠨ ᠬᠦᠴᠦᠲᠡᠢ ᠠᠬᠢᠭᠤᠯᠤᠯ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠠᠴᠠ ᠥᠪᠥᠷ | ᠮᠣᠩᠭᠤᠯ ᠳᠤ ᠲᠤᠰᠢᠶᠠᠭᠰᠠᠨ ᠡᠭᠦᠷᠭᠡ ᠬᠠᠷᠢᠭᠤᠴᠠᠯᠭ᠎ᠠ ᠶᠢ ᠨᠡᠩ ᠰᠠᠶᠢᠲᠤᠷ ᠪᠡᠶᠡᠯᠡᠭᠦᠯᠬᠦ ᠬᠡᠷᠡᠭᠲᠡᠢ᠃ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ | ᠠᠵᠢᠯ ᠢᠶᠠᠨ ᠥᠷᠨᠢᠭᠦᠯᠬᠦ ᠶᠢ ᠪᠦᠭᠦ ᠬᠦᠴᠦᠨ ᠢᠶᠠᠷ ᠢᠶᠠᠨ ᠳᠡᠮᠵᠢᠵᠦ᠂ ᠰᠠᠨᠠᠭᠠᠴᠢᠯᠠᠭ᠎ᠠ ᠠᠴᠠ ᠪᠠᠨ ᠬᠢᠨᠠᠯᠲᠠ ᠲᠠᠯᠪᠢᠬᠤ ᠳᠤ ᠬᠠᠮᠵᠢᠯᠴᠠᠵᠤ᠂ ᠪᠠᠶᠢᠳᠠᠯ ᠢ ᠦᠨᠡᠨ | ᠮᠥᠨ ᠢᠶᠠᠷ ᠨᠢ ᠲᠤᠰᠬᠠᠵᠤ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠰᠠᠬᠢᠬᠤ ᠬᠡᠷᠡᠭᠲᠡᠢ᠃ ᠲᠣᠭᠤᠷᠢᠨ ᠪᠠᠶᠢᠴᠠᠭᠠᠯᠲᠠ ᠳᠤ ᠵᠢᠭᠠᠵᠤ ᠭᠠᠷᠭᠠᠭᠰᠠᠨ | ᠠᠰᠠᠭᠤᠳᠠᠯ ᠢ ᠲᠦᠷᠭᠡᠨ ᠰᠠᠶᠢᠵᠢᠷᠠᠭᠤᠯᠬᠤ᠂ ᠦᠨᠡᠨ ᠬᠦ ᠰᠠᠶᠢᠵᠢᠷᠠᠭᠤᠯᠵᠤ ᠪᠣᠳᠠᠲᠠᠢ ᠰᠠᠶᠢᠵᠢᠷᠠᠭᠤᠯᠬᠤ ᠶᠢ ᠴᠢᠩᠭ᠎ᠠ ᠠᠳᠬᠤᠬᠤ ᠬᠡᠷᠡᠭᠲᠡᠢ᠃ ᠲᠣᠭᠤᠷᠢᠨ ᠪᠠᠶᠢᠴᠠᠭᠠᠵᠤ | ᠬᠢᠨᠠᠯᠲᠠ ᠲᠠᠯᠪᠢᠬᠤ ᠶᠢ ᠬᠦᠯᠢᠶᠡᠬᠦ ᠪᠠᠷ ᠠᠵᠠ ᠲᠣᠭᠢᠶᠠᠯ ᠪᠣᠯᠭᠠᠨ ᠥᠭᠡᠷᠡᠴᠢᠯᠡᠯᠲᠡ ᠬᠥᠭᠵᠢᠯᠲᠡ ᠶᠢ ᠨᠡᠩ ᠰᠠᠶᠢᠲᠤᠷ ᠠᠬᠢᠭᠤᠯᠵᠤ᠂ ︽ᠨᠢᠭᠡ ᠭᠤᠣᠯ ᠰᠢᠵᠢᠮ︾᠂ | ︽ᠬᠤᠶᠠᠷ ᠶᠡᠭᠡ ᠶᠠᠪᠤᠳᠠᠯ︾᠂ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠵᠡᠷᠭᠡ ᠭᠤᠣᠯᠳᠠᠯᠭ᠎ᠠ ᠲᠠᠢ ᠡᠭᠦᠷᠭᠡ ᠶᠢ ᠬᠦᠴᠦᠯᠡᠨ ᠰᠠᠶᠢᠲᠤᠷ ᠠᠳᠬᠤᠵᠤ᠂ | ᠪᠦᠭᠦ ᠣᠷᠣᠨ ᠤ ᠳᠡᠭᠡᠷ᠎ᠡ ᠳᠣᠣᠷ᠎ᠠ ᠱᠠᠲᠤ ᠶᠢ ᠬᠥᠲᠥᠯᠥᠨ ᠵᠢᠯᠤᠭᠤᠳᠴᠤ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠬᠠᠲᠠᠭᠤᠵᠢᠯᠲᠠᠢ | ᠠᠵᠢᠯᠯᠠᠨ ᠪᠣᠳᠠᠲᠠᠢ ᠠᠵᠢᠯᠯᠠᠵᠤ᠂ ᠡᠴᠦᠰ ᠲᠤᠨᠢ ᠲᠤᠯᠲᠠᠯ᠎ᠠ ᠠᠵᠢᠯᠯᠠᠬᠤ ᠬᠡᠷᠡᠭᠲᠡᠢ ᠭᠡᠵᠦ ᠢᠯᠡᠳᠬᠡᠪᠡ᠃ | ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ 2 ᠰᠠᠷ᠎ᠠ ᠬᠠᠭᠠᠰ ᠰᠢᠬᠠᠮ ᠠᠵᠢᠯᠯᠠᠬᠤ | ᠪᠣᠯᠣᠨ᠎ᠠ᠃ ᠲᠣᠭᠤᠷᠢᠨ ᠪᠠᠶᠢᠴᠠᠭᠠᠬᠤ ᠬᠤᠭᠤᠴᠠᠭᠠᠨ ᠳᠤ ᠲᠤᠰᠬᠠᠢ ᠵᠢᠵᠢᠭᠦᠷᠯᠡᠬᠦ ᠤᠲᠠᠰᠤ ᠶᠢ ᠲᠣᠬᠢᠷᠠᠭᠤᠯᠪᠠ᠄ 0471 - 4860211᠂ ᠡᠳᠦᠷ ᠪᠦᠷᠢ ᠶᠢᠨ | ᠤᠲᠠᠰᠤ ᠶᠢ ᠭᠥᠯᠢᠶᠡᠨ ᠠᠪᠴᠤ ᠰᠢᠢᠳᠪᠦᠷᠢᠯᠡᠬᠦ ᠴᠠᠭ ᠨᠢ 8᠄ 00 ᠠᠴᠠ 18᠄ 00︔ ᠲᠤᠰᠬᠠᠢ ᠰᠢᠤᠳᠠᠨ ᠤ ᠵᠠᠬᠢᠳᠠᠯ ᠤᠨ ᠬᠠᠶᠢᠷᠴᠠᠭ᠄ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠭᠦᠭᠡᠬᠤᠲᠠ ᠶᠢᠨ A880 ᠳ᠋ᠤᠭᠠᠷ ᠵᠠᠬᠢᠳᠠᠯ ᠤᠨ ᠬᠠᠶᠢᠷᠴᠠᠭ᠃ ᠲᠣᠭᠤᠷᠢᠨ ᠪᠠᠶᠢᠴᠠᠭᠠᠬᠤ ᠳᠤᠭᠤᠶᠢᠯᠠᠩ 2025 ᠣᠨ ᠤ 6 | ᠰᠠᠷ᠎ᠠ ᠶᠢᠨ 23 ᠪᠤᠯᠲᠠᠯ᠎ᠠ ᠵᠠᠬᠢᠳᠠᠯ ᠰᠤᠷᠪᠤᠯᠵᠢᠯᠠᠯ ᠢ ᠭᠥᠯᠢᠶᠡᠨ ᠠᠪᠴᠤ ᠰᠢᠢᠳᠪᠦᠷᠢᠯᠡᠨ᠎ᠡ᠃ ᠲᠣᠭᠤᠷᠢᠨ ᠪᠠᠶᠢᠴᠠᠭᠠᠬᠤ ᠠᠵᠢᠯ ᠤᠨ ᠳᠦᠷᠢᠮ ᠤᠨ ᠲᠣᠭᠲᠠᠭᠠᠯ ᠢ | ᠦᠨᠳᠦᠰᠦᠯᠡᠪᠡᠯ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠭᠤᠣᠯᠳᠠᠭᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠤᠵᠢ ᠶᠢᠨ ᠳᠡᠰ ᠤᠨ | ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠭᠦᠨ᠂ ᠳᠣᠣᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠤᠨ ᠭᠤᠣᠯ | ᠬᠠᠷᠢᠭᠤᠴᠠᠯᠭᠠᠲᠠᠨ ᠪᠣᠯᠣᠨ ᠭᠤᠣᠯᠳᠠᠯᠭ᠎ᠠ ᠲᠠᠢ ᠠᠵᠢᠯ ᠤᠨ ᠪᠠᠶᠢᠷᠢ ᠳᠠᠬᠢ ᠤᠳᠤᠷᠢᠳᠬᠤ ᠺᠠᠳ᠋ᠷ ᠤᠨ ᠠᠰᠠᠭᠤᠳᠠᠯ ᠢ ᠲᠤᠰᠬᠠᠭᠰᠠᠨ ᠵᠠᠬᠢᠳᠠᠯ ᠤᠲᠠᠰᠤ ᠰᠤᠷᠪᠤᠯᠵᠢᠯᠠᠯ ᠢ | ᠭᠥᠯᠢᠶᠡᠨ ᠠᠪᠴᠤ ᠰᠢᠢᠳᠪᠦᠷᠢᠯᠡᠨ᠎ᠡ᠂ ᠭᠤᠣᠯᠳᠠᠯᠭ᠎ᠠ ᠨᠢ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ | ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠵᠡᠷᠭᠡ | ᠲᠠᠯ᠎ᠠ ᠪᠠᠷ ᠬᠢ ᠢᠯᠡᠴᠢᠯᠡᠨ ᠮᠡᠳᠡᠭᠦᠯᠦᠭᠰᠡᠨ ᠪᠠ ᠲᠤᠰᠬᠠᠭᠰᠠᠨ ᠶᠠᠪᠤᠳᠠᠯ ᠪᠣᠯᠣᠨ᠎ᠠ᠃ ᠲᠣᠭᠤᠷᠢᠨ ᠪᠠᠶᠢᠴᠠᠭᠠᠯᠲᠠ ᠶᠢᠨ ᠭᠥᠯᠢᠶᠡᠨ ᠠᠪᠴᠤ ᠰᠢᠢᠳᠪᠦᠷᠢᠯᠡᠬᠦ | ᠬᠡᠪᠴᠢᠶᠡᠨ ᠳᠤ ᠪᠠᠭᠲᠠᠬᠤ ᠦᠭᠡᠢ ᠪᠤᠰᠤᠳ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠲᠣᠭᠲᠠᠭᠠᠯ ᠶᠣᠰᠣᠭᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ | ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠨᠠᠷᠢᠨ ᠬᠢᠨᠠᠮᠠᠭᠠᠢ ᠰᠢᠢᠳᠪᠦᠷᠢᠯᠡᠨ᠎ᠡ᠃ | |