ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠰᠤᠷᠤᠭᠴᠢᠳ ᠤᠨ ᠦᠭᠡ ᠬᠡᠯᠡ ᠥᠰᠥᠭ ᠪᠢᠴᠢᠭ ᠤᠨ ᠬᠡᠷᠡᠭᠯᠡᠭᠡᠨ ᠤ | ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 10 ᠤ ᠡᠳᠦᠷ᠂ ᠴᠠᠭᠠᠨ ᠪᠠᠯᠭᠠᠰᠤᠨ ᠤ ᠰᠤᠷᠭᠠᠭᠤᠯᠢ ︽ᠵᠠᠭᠤᠨ ᠥᠰᠥᠭ ᠤᠨ ᠰᠣᠨᠣᠰᠴᠤ ᠪᠢᠴᠢᠬᠦ | ᠤᠷᠤᠯᠳᠤᠭᠠᠨ︾ ᠢ ᠡᠷᠭᠢᠯᠡᠪᠡ᠃ ᠲᠤᠰ ᠬᠥᠳᠡᠯᠭᠡᠭᠡᠨ ᠪᠦᠬᠦ ᠰᠤᠷᠭᠠᠭᠤᠯᠢ ᠶᠢᠨ ᠰᠤᠷᠤᠭᠴᠢᠳ ᠲᠤ ᠥᠷᠨᠢᠵᠦ᠂ ᠤᠷᠢᠳ ᠢᠶᠠᠷ ᠣᠨ ᠤ ᠠᠩᠬᠠᠨ ᠤ ᠰᠣᠩᠭᠤᠯᠲᠠ ᠪᠠᠷ | ᠳᠡᠮᠵᠢᠨ᠂ ᠳᠠᠷᠠᠭ᠎ᠠ ᠨᠢ ᠬᠤᠶᠠᠳᠠᠭᠢ ᠤᠷᠤᠯᠳᠤᠭᠠᠨ ᠶᠠᠪᠤᠭᠤᠯᠵᠤ᠂ ᠬᠠᠮᠤᠭ ᠡᠴᠦᠰ ᠲᠤ ᠠᠩᠭᠢ ᠪᠦᠷᠢ ᠳᠤ 5 ᠲᠠᠮᠢᠷᠴᠢᠨ ᠴᠣᠯᠭᠤᠷᠠᠨ ᠭᠠᠷᠴᠤ ᠰᠢᠢᠳᠪᠦᠷᠢᠲᠦ | ᠤᠷᠤᠯᠳᠤᠭᠠᠨ ᠳᠤ ᠣᠷᠣᠳᠠᠭ᠃ ᠤᠷᠤᠯᠳᠤᠭᠠᠨ ᠤ ᠠᠭᠤᠯᠭ᠎ᠠ ᠳᠤ ᠪᠠᠶᠢᠩᠭᠤ ᠬᠡᠷᠡᠭᠯᠡᠭᠳᠡᠬᠦ ᠦᠭᠡ ᠦᠰᠦᠭ᠂ ᠬᠡᠪᠰᠢᠮᠡᠯ ᠬᠡᠯᠡᠯᠭᠡ᠂ ᠰᠢᠯᠦᠭ ᠳᠠᠭᠤᠯᠠᠯ ᠤᠨ ᠨᠡᠷᠡᠲᠦ | ᠥᠭᠦᠯᠡᠪᠦᠷᠢ ᠵᠢᠴᠢ ᠬᠢᠯᠪᠠᠷ ᠪᠤᠷᠤᠭᠤ ᠦᠰᠦᠭ ᠢ ᠪᠠᠭᠲᠠᠭᠠᠵᠤ᠂ ᠰᠤᠷᠤᠭᠴᠢᠳ ᠤᠨ ᠰᠣᠨᠣᠰᠬᠤ ᠴᠢᠳᠠᠪᠤᠷᠢ᠂ ᠪᠢᠴᠢᠯᠭᠡ ᠶᠢᠨ ᠳᠦᠷᠢᠮᠵᠢᠯ ᠵᠢᠴᠢ ᠬᠡᠯᠡ ᠪᠢᠴᠢᠭ ᠤᠨ | ᠬᠤᠷᠠᠮᠳᠤᠭᠤᠯᠤᠯ ᠢ ᠰᠢᠯᠭᠠᠨ ᠪᠠᠶᠢᠴᠠᠭᠠᠳᠠᠭ᠃ | | | | | ᠤᠷᠤᠯᠳᠤᠭᠠᠨ ᠤ ᠳᠤᠮᠳᠠ ᠬᠠᠮᠲᠤ ᠰᠤᠷᠤᠭᠴᠢᠳ ᠪᠦᠬᠦ ᠠᠩᠬᠠᠷᠤᠯ ᠢᠶᠠᠨ ᠲᠥᠪᠯᠡᠷᠡᠭᠦᠯᠦᠨ᠂ ᠳᠣᠲᠣᠷ᠎ᠠ ᠪᠠᠨ ᠲᠣᠭᠠᠨ ᠤ ᠴᠡᠭᠡᠵᠢᠨ ᠳᠡᠭᠡᠨ ᠪᠢᠷ ᠪᠠᠷᠢᠨ | ᠪᠢᠴᠢᠵᠦ᠂ ᠡᠰᠡᠬᠦᠯ᠎ᠡ ᠬᠥᠮᠥᠰᠬᠡ ᠪᠠᠨ ᠵᠠᠩᠭᠢᠳᠤᠨ ᠰᠡᠳᠬᠢᠨ ᠪᠣᠳᠣᠯᠬᠢᠯᠠᠭᠰᠠᠨ ᠤ ᠳᠠᠷᠠᠭ᠎ᠠ ᠨᠠᠷᠢᠨ ᠬᠢᠨᠠᠮᠠᠭᠠᠢ ᠪᠢᠴᠢᠵᠦ ᠳᠠᠭᠤᠰᠬᠠᠳᠠᠭ᠃ ᠦᠭᠡ ᠬᠡᠯᠡᠯᠭᠡ ᠨᠢᠭᠡᠪᠦᠷᠢ | ᠨᠢ ᠴᠥᠮ ᠤᠷᠤᠯᠳᠤᠭᠠᠨ ᠳᠤ ᠣᠷᠣᠯᠴᠠᠭᠰᠠᠳ ᠤᠨ ᠮᠡᠳᠡᠯᠭᠡ ᠶᠢᠨ ᠨᠥᠭᠡᠴᠡ ᠪᠠ ᠪᠢᠴᠢᠯᠭᠡ ᠶᠢᠨ ᠴᠢᠳᠠᠪᠤᠷᠢ ᠶᠢᠨ ᠰᠢᠯᠭᠠᠯᠲᠠ ᠪᠣᠯᠬᠤ ᠪᠥᠭᠡᠳ ᠬᠢᠲᠠᠳ | ᠦᠰᠦᠭ ᠤᠨ ᠰᠣᠶᠣᠯ ᠢ ᠪᠢᠰᠢᠷᠡᠨ ᠵᠢᠷᠦᠬᠡᠰᠢᠶᠡᠬᠦ ᠪᠠ ᠬᠠᠶᠢᠷᠠᠯᠠᠬᠤ ᠰᠡᠳᠬᠢᠯᠭᠡ ᠶᠢ ᠠᠴᠢᠶᠠᠯᠠᠵᠤ ᠪᠠᠶᠢᠳᠠᠭ᠃ | | | | | | ᠲᠣᠰ ᠤᠳᠠᠭᠠᠨ ᠤ ᠠᠵᠢᠯᠯᠠᠭ᠎ᠠ ᠨᠢ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ᠂ ᠨᠠᠩ | ᠴᠤ ᠪᠥᠬᠦ ᠰᠤᠷᠭᠠᠭᠤᠯᠢ ᠶᠢᠨ ᠬᠡᠪᠴᠢᠶᠡᠨ ᠳᠤ ᠬᠢᠲᠠᠳ ᠥᠰᠥᠭ ᠤᠨ ᠪᠢᠴᠢᠯᠭᠡ ᠶᠢ ᠴᠢᠬᠤᠯᠠᠴᠢᠯᠠᠬᠤ᠂ ᠤᠯᠠᠮᠵᠢᠯᠠᠯᠲᠤ ᠰᠣᠶᠣᠯ ᠢ ᠬᠠᠶᠢᠷᠠᠯᠠᠬᠤ ᠭᠦᠨ ᠵᠤᠵᠠᠭᠠᠨ | ᠠᠭᠤᠷ ᠠᠮᠢᠰᠬᠤᠯ ᠢ ᠪᠣᠶ ᠪᠣᠯᠭᠠᠵᠤ᠂ ᠰᠤᠷᠭᠠᠭᠤᠯᠢ ᠶᠢᠨ ᠦᠭᠡ ᠬᠡᠯᠡ ᠥᠰᠥᠭ ᠪᠢᠴᠢᠭ ᠤᠨ ᠠᠵᠢᠯ ᠢ ᠭᠦᠨᠵᠡᠭᠡᠢ ᠥᠷᠨᠢᠭᠦᠯᠬᠦ ᠳᠤ ᠰᠢᠨ᠎ᠡ ᠠᠮᠢᠵᠢᠷᠠᠯ ᠤᠨ | ᠬᠦᠴᠦᠨ ᠢ ᠨᠡᠮᠡᠷᠢᠯᠡᠭᠰᠡᠨ ᠪᠠᠶᠢᠨ᠎ᠠ᠃ ᠴᠠᠭᠠᠨ ᠪᠠᠯᠭᠠᠰᠤᠨ ᠤ ᠰᠤᠷᠭᠠᠭᠤᠯᠢ ᠬᠢᠲᠠᠳ ᠦᠰᠦᠭ ᠤᠨ ᠪᠢᠴᠢᠯᠭᠡ ᠪᠠ ᠤᠯᠠᠮᠵᠢᠯᠠᠯᠲᠤ ᠰᠣᠶᠣᠯ ᠤᠨ ᠬᠥᠮᠦᠵᠢᠯ ᠳᠠᠬᠢ | ᠣᠷᠣᠭᠤᠯᠤᠯᠲᠠ ᠪᠠᠨ ᠨᠡᠮᠡᠭᠳᠡᠭᠦᠯᠵᠦ᠂ ᠰᠤᠷᠤᠭᠴᠢᠳ ᠲᠤ ᠨᠠᠩ ᠣᠯᠠᠨ ᠰᠤᠷᠤᠯᠴᠠᠬᠤ ᠪᠠ ᠳᠡᠯᠭᠡᠨ ᠦᠵᠡᠭᠦᠯᠬᠦ ᠲᠠᠪᠴᠠᠩ ᠬᠠᠩᠭᠠᠵᠤ᠂ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠢ ᠰᠤᠷᠭᠠᠭᠤᠯᠢ ᠶᠢᠨ ᠬᠦᠷᠢᠶᠡᠨ ᠳᠤ ᠦᠨᠳᠦᠰᠦᠯᠡᠭᠦᠯᠦᠨ ᠰᠣᠶᠣᠭᠠᠯᠠᠭᠤᠯᠵᠤ᠂ ᠨᠠᠩ ᠭᠤᠶᠢᠳᠠ ᠰᠠᠶᠢᠬᠠᠨ ᠬᠡᠷᠡᠯ ᠭᠢᠯᠪᠠᠭ᠎ᠠ ᠪᠠᠨ | ᠰᠠᠴᠤᠷᠠᠭᠤᠯᠬᠤ ᠪᠣᠯᠣᠨ᠎ᠠ᠃ | |