ᠰᠢᠨᠬᠤᠸᠠ ᠬᠤᠷᠢᠶᠠᠨ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ 15 ᠤ ᠡᠳᠦᠷ ᠤᠨ ᠴᠠᠬᠢᠯᠭᠠᠨ ᠮᠡᠳᠡᠭᠡ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 4 ᠳ᠋ᠦ᠋ᠭᠡᠷ ᠰᠠᠷ᠎ᠠ ᠶᠢᠨ 15 ᠤ ᠡᠳᠦᠷ ᠪᠡᠭᠡᠵᠢᠩ ᠬᠤᠲᠠ ᠳᠤ ᠪᠠᠶᠢᠴᠠᠭᠠᠨ ᠰᠤᠳᠤᠯᠤᠯᠲᠠ ᠬᠢᠪᠡ᠃ ᠲᠡᠷᠡ | ᠴᠢᠬᠤᠯᠠᠴᠢᠯᠠᠬᠤ ᠳᠤ ᠪᠠᠨ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠪᠦᠬᠦ ᠲᠠᠯ᠎ᠠ ᠪᠠᠷ ᠥᠷᠭᠡᠳᠬᠡᠬᠦ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠭᠠᠳᠠᠭᠠᠳᠤ ᠶᠢᠨ ᠳᠠᠭᠠᠷᠢᠯᠲᠠ ᠠᠴᠠ ᠪᠣᠯᠤᠭᠰᠠᠨ ᠬᠦᠴᠢᠷᠳᠡᠯ ᠪᠠ ᠥᠷᠢᠰᠦᠯᠳᠦᠭᠡᠨ ᠢ | ᠯᠠᠪᠳᠠᠭᠤᠨ ᠢᠶᠠᠷ ᠠᠷᠭᠠᠴᠠᠭᠠᠵᠤ᠂ ᠨᠡᠩ ᠶᠡᠭᠡ ᠡᠷᠴᠢᠮ ᠢᠶᠠᠷ ᠬᠡᠷᠡᠭᠯᠡᠭᠡ ᠶᠢ ᠠᠬᠢᠭᠤᠯᠤᠨ᠂ ᠳᠣᠲᠣᠭᠠᠳᠤ ᠬᠡᠷᠡᠭᠴᠡᠭᠡ ᠶᠢ ᠥᠷᠭᠡᠳᠬᠡᠨ᠂ ᠤᠯᠤᠰ ᠤᠨ ᠳᠣᠲᠣᠭᠠᠳᠤ ᠶᠢᠨ | ᠶᠡᠭᠡ ᠣᠷᠴᠢᠯ ᠢ ᠬᠦᠴᠦᠷᠬᠡᠭᠵᠢᠭᠦᠯᠵᠦ᠂ ᠮᠠᠨ ᠤ ᠤᠯᠤᠰ ᠤᠨ ᠬᠡᠳᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠳᠠᠯᠳᠠ ᠬᠦᠴᠦᠨ ᠢ | ᠤᠯᠠᠮ ᠨᠢᠭᠡ ᠠᠯᠬᠤᠮ ᠪᠠᠳᠠᠷᠠᠭᠤᠯᠬᠤ ᠬᠡᠷᠡᠭᠲᠡᠢ ᠭᠡᠵᠡᠢ᠃ | | | | | | 4 ᠳ᠋ᠦ᠋ᠭᠡᠷ ᠰᠠᠷ᠎ᠠ ᠶᠢᠨ 15 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ | ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠪᠡᠭᠡᠵᠢᠩ ᠬᠤᠲᠠ ᠳᠤ ᠪᠠᠶᠢᠴᠠᠭᠠᠨ ᠰᠤᠳᠤᠯᠤᠯᠲᠠ ᠬᠢᠪᠡ᠃ | ᠵᠢᠷᠤᠭ ᠪᠣᠯ ᠯᠢ ᠴᠢᠶᠠᠩ ᠭᠠᠳᠠᠭᠠᠳᠤ ᠠᠷᠠᠯᠵᠢᠶᠠᠨ ᠤ ᠰᠢᠯᠢᠳᠡᠭ ᠪᠦᠲᠦᠭᠡᠭᠳᠡᠬᠦᠨ ᠤ ᠵᠥᠩ ᠬᠤᠸᠠ ᠬᠠᠩ ᠤᠨ ᠰᠢ ᠳ᠋ᠠᠨ ᠳ᠋ᠠ ᠶᠤᠸᠠᠢ ᠴᠧᠩ ᠤᠨ ᠳᠡᠯᠭᠡᠨ | ᠪᠣᠷᠣᠯᠠᠭᠤᠯᠬᠤ ᠲᠤᠬᠠᠢ ᠶᠢᠨ ᠲᠠᠯᠠᠪᠤᠷ ᠲᠤ ᠪᠦᠲᠦᠭᠡᠭᠳᠡᠬᠦᠨ ᠢᠶᠠᠨ ᠭᠠᠳᠠᠭᠠᠳᠤ ᠳᠤ ᠭᠠᠷᠭᠠᠵᠤ ᠪᠠᠶᠢᠭ᠎ᠠ ᠪᠠ ᠳᠣᠲᠣᠭᠠᠳᠤ ᠳᠤ ᠪᠠᠨ ᠪᠣᠷᠣᠯᠠᠭᠤᠯᠵᠤ ᠪᠠᠶᠢᠭ᠎ᠠ ᠪᠠᠶᠢᠳᠠᠯ ᠢ | ᠨᠠᠷᠢᠨ ᠣᠶᠢᠯᠠᠭᠠᠵᠤ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠷᠣᠣ ᠠᠢ ᠮᠢᠨ ᠰᠡᠭᠦᠳᠡᠷᠯᠡᠪᠡ | | | ᠯᠢ ᠴᠢᠶᠠᠩ ᠵᠢᠭᠠᠵᠤ ᠭᠠᠷᠭᠠᠬᠤ ᠳᠤ ᠪᠠᠨ᠂ ᠣᠳᠣᠬᠠᠨ ᠳᠤ ᠭᠠᠳᠠᠭᠠᠳᠤ ᠣᠷᠴᠢᠨ ᠨᠥᠬᠦᠴᠡᠯ ᠳᠤ ᠭᠦᠨᠵᠡᠭᠡᠢ ᠬᠤᠪᠢᠷᠠᠯᠲᠠ ᠭᠠᠷᠴᠤ᠂ ᠮᠠᠨ ᠤ ᠤᠯᠤᠰ ᠤᠨ | ᠭᠠᠳᠠᠭᠠᠳᠤ ᠭᠠᠷᠭᠠᠯᠲᠠ ᠳᠤ ᠠᠰᠢᠭ ᠦᠭᠡᠢ ᠨᠥᠯᠥᠭᠡ ᠦᠵᠡᠭᠦᠯᠵᠦ ᠪᠠᠶᠢᠨ᠎ᠠ᠃ ᠤᠯᠠᠨ ᠢᠶᠠᠷ ᠢᠶᠠᠨ ᠪᠦᠯᠬᠦᠮᠳᠡᠨ ᠨᠢᠭᠡᠳᠴᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ | ᠬᠦᠴᠢᠷ ᠪᠡᠷᠬᠡ ᠶᠢ ᠢᠯᠠᠨ ᠳᠠᠪᠠᠵᠤ ᠡᠷᠡᠯᠬᠡᠭᠯᠡᠨ ᠤᠷᠤᠭᠰᠢᠯᠠᠵᠤ᠂ ᠤᠯᠠᠨ ᠡᠰᠢᠴᠢᠯᠡᠭᠰᠡᠨ ᠵᠠᠬ᠎ᠠ ᠳᠡᠯᠭᠡᠭᠦᠷ ᠢ ᠢᠳᠡᠪᠬᠢᠲᠡᠢ ᠪᠠᠷ ᠨᠡᠭᠡᠭᠡᠵᠦ᠂ ᠠᠷᠠᠯᠵᠢᠶᠠᠨ ᠤ ᠠᠷᠭ᠎ᠠ ᠵᠠᠮ | ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠭᠠᠳᠠᠭᠠᠳᠤ ᠠᠷᠠᠯᠵᠢᠶᠠᠨ ᠤ ᠦᠨᠳᠦᠰᠦᠨ ᠪᠠᠶᠢᠳᠠᠯ ᠢ ᠴᠢᠷᠮᠠᠶᠢᠨ ᠲᠣᠭᠲᠠᠪᠤᠷᠢᠵᠢᠭᠤᠯᠬᠤ ᠬᠡᠷᠡᠭᠲᠡᠢ᠃ ᠡᠯ᠎ᠡ ᠲᠦᠷᠦᠯ ᠤᠨ | ᠲᠦᠷᠦ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠷᠢᠮᠵᠢᠶ᠎ᠠ ᠶᠢ ᠵᠣᠯᠭᠠᠭᠤᠯᠬᠤ ᠶᠢ ᠰᠠᠶᠢᠲᠤᠷ ᠬᠢᠵᠦ᠂ | ᠭᠠᠳᠠᠭᠠᠳᠤ ᠠᠷᠠᠯᠵᠢᠶᠠᠨ ᠤ ᠰᠢᠯᠢᠳᠡᠭ ᠪᠦᠲᠦᠭᠡᠭᠳᠡᠬᠦᠨ ᠢᠶᠠᠷ ᠳᠣᠲᠣᠭᠠᠳᠤ ᠪᠣᠷᠤᠯᠠᠭᠤᠯᠭ᠎ᠠ ᠶᠢ ᠥᠷᠭᠡᠳᠬᠡᠬᠦ ᠲᠠᠪᠴᠠᠩ ᠢ ᠪᠠᠶᠢᠭᠤᠯᠵᠤ᠂ ᠭᠠᠳᠠᠭᠠᠳᠤ ᠠᠷᠠᠯᠵᠢᠶᠠᠨ ᠤ | ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠭᠰᠠᠨ ᠲᠦᠷᠦᠯ ᠲᠡᠮᠳᠡᠭ ᠢ ᠪᠣᠶᠢᠵᠢᠭᠤᠯᠵᠤ᠂ ᠠᠵᠤ ᠠᠬᠤᠶᠢᠯᠠᠯ ᠳᠤ ᠰᠢᠭᠤᠳ ᠬᠦᠷᠬᠦ ᠲᠦᠷᠦ ᠶᠢᠨ ᠪᠣᠳᠣᠯᠭ᠎ᠠ ᠶᠢ | ᠤᠬᠠᠭᠤᠯᠤᠨ ᠲᠠᠨᠢᠯᠴᠠᠭᠤᠯᠬᠤ ᠲᠣᠭᠲᠠᠴᠠ ᠶᠢ ᠪᠠᠶᠢᠭᠤᠯᠵᠤ᠂ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠯᠠᠪᠳᠠᠭᠤᠨ ᠢᠶᠠᠷ | ᠠᠬᠢᠭᠤᠯᠬᠤ ᠬᠡᠷᠡᠭᠲᠡᠢ᠃ ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭᠠᠨ ᠢ ᠭᠦᠨᠵᠡᠭᠡᠢ ᠬᠡᠷᠡᠭᠵᠢᠭᠦᠯᠵᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ | ᠣᠷᠣᠯᠭ᠎ᠠ ᠶᠢᠨ ᠨᠡᠮᠡᠭᠳᠡᠯ ᠢ ᠠᠬᠢᠭᠤᠯᠬᠤ᠂ ᠪᠠᠲᠤᠯᠠᠭ᠎ᠠ ᠶᠢ ᠴᠢᠩᠭᠠᠳᠬᠠᠬᠤ ᠵᠡᠷᠭᠡ ᠲᠠᠯ᠎ᠠ ᠪᠠᠷ ᠨᠡᠩ ᠶᠡᠭᠡ ᠬᠦᠴᠦ ᠣᠷᠣᠭᠤᠯᠵᠤ᠂ ᠬᠡᠷᠡᠭᠯᠡᠭᠡ ᠶᠢᠨ ᠴᠢᠳᠠᠪᠤᠷᠢ ᠶᠢ ᠤᠯᠠᠮ | ᠨᠢᠭᠡ ᠠᠯᠬᠤᠮ ᠳᠡᠭᠡᠭᠰᠢᠯᠡᠭᠦᠯᠦᠨ᠂ ᠬᠡᠷᠡᠭᠯᠡᠭᠡ ᠶᠢᠨ ᠬᠦᠰᠡᠯᠲᠡ ᠶᠢ ᠨᠡᠮᠡᠭᠳᠡᠭᠦᠯᠵᠦ᠂ ᠳᠣᠲᠣᠭᠠᠳᠤ ᠬᠡᠷᠡᠭᠴᠡᠭᠡ ᠶᠢᠨ ᠨᠡᠮᠡᠭᠳᠡᠯ ᠤᠨ ᠵᠠᠬ᠎ᠠ ᠳᠡᠯᠭᠡᠭᠦᠷ ᠢ ᠪᠣᠶᠢᠵᠢᠭᠤᠯᠤᠨ | ᠪᠤᠵᠠᠭᠠᠶᠢᠷᠠᠭᠤᠯᠬᠤ ᠬᠡᠷᠡᠭᠲᠡᠢ᠃ ᠰᠠᠶᠢᠨ ᠲᠠᠯ᠎ᠠ ᠶᠢᠨ ᠥᠷᠢᠰᠦᠯᠳᠦᠭᠡᠨ ᠢ ᠠᠬᠢᠭᠤᠯᠵᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠳᠠᠪᠠᠭᠤᠯᠢᠭ | ᠲᠠᠯ᠎ᠠ ᠳᠤ ᠪᠠᠨ ᠰᠠᠭᠤᠷᠢᠯᠠᠨ ᠵᠥᠷᠢᠶ᠎ᠡ ᠲᠠᠢ ᠪᠠᠷ ᠬᠥᠭᠵᠢᠭᠦᠯᠵᠦ᠂ ᠦᠢᠯᠡᠳᠬᠦᠨ ᠪᠠ ᠦᠢᠯᠡᠴᠢᠯᠡᠭᠡ ᠶᠢᠨ ᠲᠠᠯ᠎ᠠ ᠪᠠᠷ ᠲᠠᠰᠤᠷᠠᠯᠳᠠ ᠦᠭᠡᠢ ᠰᠢᠨ᠎ᠡ ᠶᠢ ᠡᠭᠦᠳᠬᠦ ᠪᠠᠷ | ᠳᠠᠮᠵᠢᠭᠤᠯᠤᠨ ᠥᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠵᠦ᠂ ᠴᠢᠨᠠᠷ ᠰᠠᠶᠢᠲᠠᠢ ᠬᠠᠩᠭᠠᠯᠭ᠎ᠠ ᠪᠠᠷ ᠰᠢᠨ᠎ᠡ ᠬᠡᠷᠡᠭᠴᠡᠭᠡ ᠶᠢ ᠪᠤᠢ ᠪᠣᠯᠭᠠᠬᠤ ᠬᠡᠷᠡᠭᠲᠡᠢ ᠭᠡᠵᠡᠢ᠃ | | | | | 4 ᠳ᠋ᠦ᠋ᠭᠡᠷ ᠰᠠᠷ᠎ᠠ ᠶᠢᠨ 15 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ | ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠪᠡᠭᠡᠵᠢᠩ ᠬᠤᠲᠠ ᠳᠤ ᠪᠠᠶᠢᠴᠠᠭᠠᠨ ᠰᠤᠳᠤᠯᠤᠯᠲᠠ ᠬᠢᠪᠡ᠃ ᠡᠨᠡ | ᠪᠣᠯ ᠯᠢ ᠴᠢᠶᠠᠩ ᠪᠧᠢ ᠲᠧᠦ ᠺᠧ ᠴᠤᠸᠠᠩ ᠨᠡᠶᠢᠭᠡᠮ ᠲᠣᠭᠤᠷᠢᠭ ᠤᠨ ᠴᠢᠳᠠᠪᠤᠷᠢᠲᠠᠨ ᠤ ᠨᠡᠶᠢᠲᠡ ᠶᠢᠨ ᠪᠠᠶᠢᠷᠢ ᠶᠢᠨ ᠲᠥᠷᠥᠯ ᠵᠦᠢᠯ ᠤᠨ ᠲᠤᠬᠠᠢ ᠶᠢᠨ ᠲᠠᠯᠠᠪᠤᠷ ᠲᠤ | ᠦᠯᠡᠳᠡᠭᠡᠯ ᠭᠡᠷ ᠪᠠᠶᠢᠰᠢᠩ ᠢ ᠭᠦᠢᠯᠭᠡᠭᠡᠨ ᠳᠤ ᠣᠷᠣᠭᠤᠯᠵᠤ ᠳᠠᠬᠢᠨ ᠠᠰᠢᠭᠯᠠᠬᠤ᠂ ᠲᠠᠸᠠᠷ ᠤᠨ ᠣᠷᠣᠨ ᠰᠠᠭᠤᠴᠠ ᠶᠢ ᠴᠢᠳᠠᠪᠤᠷᠢᠲᠠᠨ ᠤ ᠨᠡᠶᠢᠲᠡ ᠶᠢᠨ ᠪᠠᠶᠢᠷᠢ ᠪᠣᠯᠭᠠᠨ | ᠬᠤᠪᠢᠷᠠᠭᠤᠯᠬᠤ ᠲᠥᠷᠥᠯ ᠵᠦᠢᠯ ᠵᠡᠷᠭᠡ ᠪᠠᠶᠢᠳᠠᠯ ᠢ ᠪᠠᠶᠢᠴᠠᠭᠠᠨ ᠰᠤᠳᠤᠯᠵᠤ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠷᠣᠣ ᠠᠢ ᠮᠢᠨ ᠰᠡᠭᠦᠳᠡᠷᠯᠡᠪᠡ | | | ᠪᠧᠢ ᠲᠧᠦ ᠺᠧ ᠴᠤᠸᠠᠩ ᠨᠡᠶᠢᠭᠡᠮ ᠲᠣᠭᠤᠷᠢᠭ ᠤᠨ ᠴᠢᠳᠠᠪᠤᠷᠢᠲᠠᠨ ᠤ ᠨᠡᠶᠢᠲᠡ ᠶᠢᠨ ᠪᠠᠶᠢᠷᠢ ᠶᠢᠨ ᠲᠥᠷᠥᠯ ᠵᠦᠢᠯ ᠤᠨ ᠲᠤᠬᠠᠢ ᠶᠢᠨ ᠲᠠᠯᠠᠪᠤᠷ ᠲᠤ᠂ ᠯᠢ | ᠴᠢᠶᠠᠩ ᠪᠡᠭᠡᠵᠢᠩ ᠬᠤᠲᠠ ᠶᠢᠨ ᠦᠯᠡᠳᠡᠭᠡᠯ ᠭᠡᠷ ᠪᠠᠶᠢᠰᠢᠩ ᠢ ᠭᠦᠢᠯᠭᠡᠭᠡᠨ ᠳᠤ ᠣᠷᠣᠭᠤᠯᠤᠨ ᠳᠠᠬᠢᠨ ᠠᠰᠢᠭᠯᠠᠬᠤ᠂ ᠲᠠᠸᠠᠷ ᠤᠨ ᠣᠷᠣᠨ ᠰᠠᠭᠤᠴᠠ ᠶᠢ | ᠴᠢᠳᠠᠪᠤᠷᠢᠲᠠᠨ ᠤ ᠨᠡᠶᠢᠲᠡ ᠶᠢᠨ ᠪᠠᠶᠢᠷᠢ ᠪᠣᠯᠭᠠᠨ ᠬᠤᠪᠢᠷᠠᠭᠤᠯᠬᠤ ᠲᠥᠷᠥᠯ ᠵᠦᠢᠯ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠥᠯᠢᠭᠡᠷ | ᠶᠠᠩᠵᠤᠲᠤ ᠥᠷᠥᠭᠡ ᠪᠠ ᠣᠶᠢᠷ᠎ᠠ ᠬᠠᠪᠢ ᠶᠢᠨ ᠣᠷᠴᠢᠨ ᠲᠣᠭᠤᠷᠢᠨ ᠢ ᠨᠢ ᠪᠠᠶᠢᠴᠠᠭᠠᠨ ᠦᠵᠡᠵᠦ᠂ ᠨᠡᠶᠢᠲᠡ ᠶᠢᠨ ᠪᠠᠶᠢᠷᠢ ᠳᠤ ᠣᠷᠣᠵᠤ ᠰᠠᠭᠤᠭᠰᠠᠨ ᠲᠤᠰᠬᠠᠢ | ᠮᠡᠷᠭᠡᠵᠢᠯᠲᠡᠨ ᠯᠦᠭᠡ ᠶᠠᠷᠢᠯᠴᠠᠵᠤ᠂ ᠪᠡᠭᠡᠵᠢᠩ ᠬᠤᠲᠠ ᠶᠢᠨ ᠬᠠᠮᠢᠶ᠎ᠠ ᠪᠦᠬᠦᠢ ᠠᠷᠭ᠎ᠠ ᠬᠢᠳᠡᠯ ᠢ ᠨᠤᠲᠠᠯᠠᠪᠠ᠃ | | |