ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠵᠠᠩ ᠮᠢᠩ ᠳᠠᠭᠠᠭᠠᠴᠢᠯᠠᠨ ᠬᠠᠷᠢᠭᠤᠴᠠᠵᠤ ᠪᠠᠶᠢᠭ᠎ᠠ ᠰᠤᠮᠤ ᠳᠤ ᠭᠦᠨᠵᠡᠭᠡᠶᠢᠷᠡᠨ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠲᠤᠬᠠᠢ ᠶᠢᠨ ᠭᠠᠵᠠᠷ ᠎ ᠲᠤᠨᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2025/4/17
          4 ᠰᠠᠷ᠎ᠠ ᠶᠢᠨ 16᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠵᠠᠩ ᠮᠢᠩ ︽ᠳᠥᠷᠪᠡᠨ ᠦᠭᠡᠢ ᠬᠤᠶᠠᠷ ᠰᠢᠭᠤᠳ︾ ᠬᠡᠯᠪᠡᠷᠢ ᠪᠠᠷ ᠬᠠᠨᠳᠠᠭᠠᠢ ᠰᠤᠮᠤᠨ ᠳᠤ ᠭᠦᠨᠵᠡᠭᠡᠶᠢᠷᠡᠵᠦ᠂ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠪᠣᠳᠠᠲᠠᠢ ᠭᠠᠵᠠᠷ ᠲᠤᠨᠢ ᠬᠢᠨᠠᠨ ᠵᠢᠯᠣᠭᠤᠳᠪᠠ᠃          ᠰᠢᠪᠠᠳᠠᠨ ᠵᠢᠯᠤᠭᠤᠳᠬᠤ ᠠᠵᠢᠯ ᠤᠨ ᠳᠤᠮᠳᠠ᠂ ᠵᠠᠩ ᠮᠢᠩ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠡᠳ᠋ ᠪᠣᠳᠠᠰ ᠤᠨ ᠨᠥᠭᠡᠴᠡ᠂ ︽ᠣᠶᠢᠯᠠᠭᠠᠯᠲᠠ ᠶᠢᠨ ᠺᠠᠷᠲ︾ ᠲᠠᠭᠯᠠᠨ ᠮᠡᠳᠡᠭᠦᠯᠬᠦ᠂ ᠰᠡᠯᠭᠦᠨ ᠮᠠᠯᠵᠢᠬᠤ ᠬᠤᠭᠤᠴᠠᠭᠠᠨ ᠳᠤ ᠪᠡᠯᠴᠢᠭᠡᠷᠯᠡᠭᠦᠯᠬᠦ ᠶᠢ ᠵᠣᠭᠰᠤᠭᠠᠬᠤ ᠵᠡᠷᠭᠡ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠦᠵᠡᠬᠦ ᠶᠢᠨ ᠬᠠᠮᠲᠤ ᠭᠠᠳᠠᠨ᠎ᠠ ᠠᠴᠠ ᠢᠷᠡᠭᠰᠡᠨ ᠮᠠᠯ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠠᠰᠠᠭᠤᠨ ᠯᠠᠪᠯᠠᠵᠠᠢ᠃ ᠡᠭᠦᠨ ᠤ ᠬᠠᠮᠲᠤ ᠴᠢᠬᠤᠯᠠᠴᠢᠯᠠᠭᠰᠠᠨ ᠨᠢ᠂ ᠣᠳᠣᠬᠠᠨ ᠳᠤ ᠡᠳᠦᠷ ᠠᠭᠠᠵᠢᠮ ᠢᠶᠠᠷ ᠳᠤᠯᠠᠭᠠᠷᠠᠵᠤ ᠪᠠᠶᠢᠨ᠎ᠠ᠂ ᠬᠠᠨᠳᠠᠭᠠᠢ ᠰᠤᠮᠤ ᠨᠢᠭᠡ ᠳᠤ ᠡᠷᠴᠢ ᠵᠣᠷᠢᠭ ᠢᠶᠠᠨ ᠪᠠᠷᠢᠮᠲᠠᠯᠠᠵᠤ᠂ ᠢᠳᠡᠪᠬᠢᠲᠡᠢ ᠬᠥᠳᠡᠯᠦᠯᠴᠡᠵᠦ᠂ ᠪᠦᠲᠦᠭᠡᠨ ᠪᠠᠶᠢᠭᠤᠯᠵᠤ ᠳᠡᠶᠢᠯᠬᠦ ᠠᠭᠤᠯᠭ᠎ᠠ ᠶᠢᠨ ᠪᠦᠲᠦᠭᠡᠨ ᠪᠠᠶᠢᠭᠤᠯᠤᠯᠲᠠ ᠶᠢ ᠪᠣᠳᠠᠲᠠᠢ ᠨᠠᠶᠢᠳᠠᠪᠤᠷᠢᠵᠢᠭᠤᠯᠵᠤ᠂ ᠨᠠᠶᠢᠳᠠᠪᠤᠷᠢᠵᠢᠭᠤᠯᠵᠤ ᠳᠡᠶᠢᠯᠬᠦ ᠵᠦᠢᠯᠡᠰ ᠢ ᠲᠤᠭᠤᠰᠢᠲᠠᠢ ᠨᠠᠶᠢᠳᠠᠪᠤᠷᠢᠵᠢᠭᠤᠯᠬᠤ ᠶᠢ ᠪᠠᠲᠤᠯᠠᠵᠤ᠂ ᠡᠯ᠎ᠡ ᠵᠦᠢᠯ ᠤᠨ ᠠᠵᠢᠯ ᠢᠶᠠᠨ ᠡᠮᠬᠢ ᠴᠡᠭᠴᠡ ᠲᠠᠢ ᠰᠠᠶᠢᠲᠤᠷ ᠥᠷᠨᠢᠭᠦᠯᠬᠦ ᠬᠡᠷᠡᠭᠲᠡᠢ᠃ ᠬᠤᠶᠠᠷ ᠲᠤ᠂ ︽ᠴᠠᠭ ᠢᠮᠠᠭᠲᠠ ᠰᠠᠨᠠᠭ᠎ᠠ ᠠᠮᠤᠷ ᠪᠠᠶᠢᠵᠤ ᠳᠡᠶᠢᠯᠬᠦ ᠦᠭᠡᠢ︾ ᠬᠠᠷᠢᠭᠤᠴᠠᠯᠭᠠᠲᠤ ᠰᠡᠳᠬᠢᠯᠭᠡ ᠪᠠᠷ ᠭᠠᠯ ᠢ ᠰᠡᠷᠭᠡᠶᠢᠯᠡᠬᠦ ᠵᠢᠵᠢᠭᠦᠷᠯᠡᠨ ᠰᠠᠬᠢᠬᠤ ᠪᠠ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡᠯᠡᠯᠲᠡ ᠶᠢ ᠰᠠᠶᠢᠲᠤᠷ ᠬᠢᠵᠦ᠂ ᠰᠢᠢᠳᠪᠦᠷᠢᠯᠡᠬᠦ ᠴᠢᠳᠠᠪᠤᠷᠢ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠤᠯᠠᠨ ᠲᠦᠮᠡᠨ ᠲᠠᠢ ᠰᠠᠶᠢᠲᠤᠷ ᠨᠡᠪᠲᠡᠷᠡᠯᠴᠡᠵᠦ᠂ ᠠᠷᠠᠳ ᠤᠯᠠᠨ ᠤ ᠬᠡᠷᠡᠭᠴᠡᠭᠡ ᠳᠤ ᠣᠶᠢᠷᠠᠲᠤᠭᠤᠯᠵᠤ᠂ ᠰᠡᠯᠭᠦᠨ ᠮᠠᠯᠵᠢᠬᠤ ᠬᠤᠭᠤᠴᠠᠭᠠᠨ ᠳᠤ ᠪᠡᠯᠴᠢᠭᠡᠷᠯᠡᠭᠦᠯᠬᠦ ᠶᠢ ᠵᠣᠭᠰᠤᠭᠠᠬᠤ᠂ ᠭᠠᠳᠠᠨ᠎ᠠ ᠠᠴᠠ ᠢᠷᠡᠭᠰᠡᠨ ᠮᠠᠯ ᠤᠨ ᠬᠠᠮᠢᠶᠠᠷᠤᠯᠲᠠ ᠵᠡᠷᠭᠡ ᠡᠯ᠎ᠡ ᠵᠦᠢᠯ ᠤᠨ ᠲᠦᠷᠦ ᠶᠢᠨ ᠪᠣᠳᠣᠯᠭ᠎ᠠ ᠳᠦᠷᠢᠮ ᠲᠣᠭᠲᠠᠭᠠᠯ ᠢ ᠭᠦᠢᠴᠡᠳ ᠤᠬᠠᠭᠤᠯᠵᠤ᠂ ᠭᠦᠢᠴᠡᠳ ᠲᠠᠶᠢᠯᠪᠤᠷᠢᠯᠠᠵᠤ᠂ ᠦᠨᠳᠦᠰᠦᠨ ᠱᠠᠲᠤᠨ ᠤ ᠤᠴᠢᠷ ᠶᠠᠪᠤᠳᠠᠯ ᠢ ᠦᠨᠳᠦᠰᠦᠨ ᠱᠠᠲᠤᠨ ᠳᠤ ᠭᠦᠢᠴᠡᠳᠬᠡᠬᠦ᠂ ᠬᠥᠮᠥᠨ ᠲᠠᠢ ᠪᠣᠯ ᠳᠠᠷᠤᠶᠢᠬᠠᠨ ᠭᠦᠢᠴᠡᠳᠬᠡᠬᠦ ᠶᠢ ᠪᠡᠶᠡᠯᠡᠭᠦᠯᠬᠦ ᠪᠠᠷ ᠪᠠᠷᠠᠬᠤ ᠦᠭᠡᠢ ᠪᠠᠰᠠ ᠪᠣᠳᠠᠲᠠᠢ᠂ ᠣᠨᠣᠪᠴᠢᠲᠠᠢ᠂ ᠨᠠᠷᠢᠯᠢᠭ ᠬᠢᠵᠦ᠂ ᠠᠷᠠᠳ ᠲᠦᠮᠡᠨ ᠳᠤ ᠦᠢᠯᠡᠴᠢᠯᠡᠬᠦ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ