ᠦ᠋ ᠰᠢᠤᠸᠠᠢ ᠶᠦᠩ ᠭᠤᠷᠪᠠᠨ ᠰᠠᠶᠢᠬᠠᠨ ᠨᠡᠭᠦᠳᠡᠯ ᠮᠠᠯᠵᠢᠯ ᠤᠨ ᠡᠬᠢᠯᠡᠯᠲᠡ ᠶᠢᠨ ᠶᠣᠰᠣᠯᠠᠯ ᠤᠨ ᠪᠡᠯᠡᠳᠬᠡᠯ ᠵᠢᠴᠢ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ  ᠢ ᠪᠠᠶᠢᠴᠠᠭᠠᠨ ᠰᠤᠳᠤᠯᠵᠤ ᠰᠢᠮᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2025/4/17
          4 ᠰᠠᠷ᠎ᠠ ᠶᠢᠨ 16 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠬᠠᠨᠳᠠᠭᠠᠢ ᠰᠤᠮᠤ ᠶᠢᠨ ᠭᠤᠷᠪᠠᠨ ᠰᠠᠶᠢᠬᠠᠨ ᠤ ᠵᠤᠰᠠᠯᠠᠩ ᠪᠠ ᠰᠢᠨ ᠶᠤᠸᠠᠢ ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠭᠦᠨᠵᠡᠭᠡᠶᠢᠷᠡᠨ᠂ ᠭᠤᠷᠪᠠᠨ ᠰᠠᠶᠢᠬᠠᠨ ᠨᠡᠭᠦᠳᠡᠯ ᠮᠠᠯᠵᠢᠯ ᠤᠨ ᠡᠬᠢᠯᠡᠯᠲᠡ ᠶᠢᠨ ᠶᠣᠰᠣᠯᠠᠯ ᠤᠨ ᠪᠡᠯᠡᠳᠬᠡᠯ ᠠᠵᠢᠯ ᠵᠢᠴᠢ ᠬᠠᠨᠳᠠᠭᠠᠢ ᠶᠢᠨ ᠲᠡᠮᠦᠷ ᠵᠡᠰ ᠤᠨ ᠠᠭᠤᠷᠬᠠᠢ ᠶᠢᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃          ᠭᠤᠷᠪᠠᠨ ᠰᠠᠶᠢᠬᠠᠨ ᠤ ᠵᠤᠰᠠᠯᠠᠩ ᠳᠤ᠂ ᠦ᠋ ᠰᠢᠤᠸᠠᠢ ᠶᠦᠩ ᠡᠬᠢᠯᠡᠯᠲᠡ ᠶᠢᠨ ᠶᠣᠰᠣᠯᠠᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠬᠤ ᠶᠢᠨ ᠬᠠᠮᠲᠤ ᠳᠠᠷᠠᠭᠠᠴᠢ ᠶᠢᠨ ᠪᠡᠯᠡᠳᠬᠡᠯ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠠᠢ᠃ ᠦ᠋ ᠰᠢᠤᠸᠠᠢ ᠶᠦᠩ ᠴᠢᠬᠤᠯᠠᠴᠢᠯᠠᠭᠰᠠᠨ ᠨᠢ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠪᠣᠯᠣᠨ ᠬᠠᠨᠳᠠᠭᠠᠢ ᠰᠤᠮᠤ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠡᠯ᠎ᠡ ᠠᠵᠢᠯᠯᠠᠬᠤ ᠳᠤᠭᠤᠶᠢᠯᠠᠩ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠮᠵᠢᠯᠴᠠᠨ ᠬᠠᠮᠲᠤᠷᠠᠯᠴᠠᠵᠤ᠂ ᠠᠵᠠ ᠲᠣᠬᠢᠶᠠᠯ ᠢ ᠡᠵᠡᠮᠳᠡᠵᠦ᠂ ᠲᠤᠰ ᠤᠳᠠᠭ᠎ᠠ ᠶᠢᠨ ᠠᠵᠢᠯᠯᠠᠭ᠎ᠠ ᠶᠢ ᠭᠦᠢᠴᠡᠳ ᠠᠰᠢᠭᠯᠠᠨ ᠬᠥᠮᠥᠰ ᠤᠨ ᠠᠩᠬᠠᠷᠤᠯ ᠢ ᠲᠠᠲᠠᠵᠤ᠂ ᠰᠣᠶᠣᠯ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠮᠠᠯ ᠠᠵᠤ ᠠᠬᠤᠢ ᠰᠣᠶᠣᠯ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠠᠵᠢᠯᠯᠠᠭ᠎ᠠ ᠶᠢᠨ ᠲᠥᠰᠥᠯ ᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠲᠤᠬᠠᠢ ᠶᠢᠨ ᠲᠠᠯᠠᠪᠤᠷ ᠤᠨ ᠪᠠᠶᠢᠷᠢᠰᠢᠭᠤᠯᠤᠯᠲᠠ᠂ ᠵᠠᠮ ᠱᠤᠭᠤᠮ ᠤᠨ ᠪᠠᠶᠢᠷᠢᠯᠠᠭᠤᠯᠤᠯᠲᠠ ᠶᠢ ᠵᠣᠬᠢᠰᠲᠠᠢ ᠲᠥᠯᠥᠪᠵᠢᠭᠦᠯᠵᠦ᠂ ᠰᠠᠭᠤᠷᠢ ᠲᠥᠬᠦᠭᠡᠷᠦᠮᠵᠢ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠵᠢᠭᠤᠯᠴᠢᠯᠠᠭᠴᠢᠳ ᠲᠤ ᠰᠠᠶᠢᠨ ᠰᠠᠶᠢᠬᠠᠨ ᠪᠡᠶᠡᠴᠢᠯᠡᠨ ᠣᠶᠢᠯᠠᠭᠠᠬᠤ ᠥᠩᠭᠡᠷᠡᠯᠲᠡ ᠬᠠᠩᠭᠠᠬᠤ ᠬᠡᠷᠡᠭᠲᠡᠢ᠃          ᠥᠪᠥᠷ ᠮᠣᠩᠭᠤᠯ ᠤᠨ ᠰᠢᠨ ᠶᠤᠸᠠᠢ ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ᠂ ᠦ᠋ ᠰᠢᠤᠸᠠᠢ ᠶᠦᠩ ᠬᠦᠳᠡᠷ ᠰᠢᠯᠢᠬᠦ ᠦᠢᠯᠡᠳᠪᠦᠷᠢ ᠪᠣᠯᠣᠨ ᠠᠭᠤᠷᠬᠠᠢ ᠮᠠᠯᠲᠠᠬᠤ ᠲᠣᠭᠤᠷᠢᠭ ᠲᠤ ᠬᠦᠷᠴᠦ᠂ ᠲᠦᠷᠦᠯ ᠵᠦᠢᠯ ᠤᠨ ᠲᠥᠯᠦᠪᠵᠢᠭᠦᠯᠭᠡ ᠵᠢᠴᠢ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠭᠰᠡᠨ ᠠᠬᠢᠴᠠ ᠶᠢ ᠨᠠᠷᠢᠨ ᠣᠶᠢᠯᠠᠭᠠᠵᠤ᠂ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠣᠨ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃ ᠦ᠋ ᠰᠢᠤᠸᠠᠢ ᠶᠦᠩ ᠴᠢᠬᠤᠯᠠᠴᠢᠯᠠᠭᠰᠠᠨ ᠨᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠦᠢᠯᠡᠴᠢᠯᠡᠬᠦ ᠤᠬᠠᠮᠰᠠᠷ ᠢᠶᠠᠨ ᠴᠢᠩᠭᠠᠳᠬᠠᠵᠤ᠂ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠰᠢᠢᠳᠪᠦᠷᠢᠯᠡᠵᠦ ᠥᠭᠬᠦ ᠬᠡᠷᠡᠭᠲᠡᠢ᠃ ᠠᠵᠤ ᠠᠬᠤᠶᠢᠯᠠᠯ ᠤᠳ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠠᠬᠢᠴᠠ ᠪᠠᠨ ᠲᠦᠷᠭᠡᠳᠬᠡᠵᠦ᠂ ᠲᠥᠷᠥᠯ ᠵᠦᠢᠯ ᠤᠨ ᠲᠣᠭᠲᠠᠭᠰᠠᠨ ᠬᠤᠭᠤᠴᠠᠭᠠᠨ ᠳᠤ ᠠᠵᠢᠯ ᠡᠬᠢᠯᠡᠭᠦᠯᠦᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠦᠷᠦᠯ ᠵᠦᠢᠯ ᠤᠨ ᠤᠷᠤᠭᠰᠢᠲᠠᠢ ᠶᠠᠪᠤᠭᠳᠠᠬᠤ ᠳᠤ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠬᠡᠷᠡᠭᠲᠡᠢ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ