9 ᠰᠠᠷ᠎ᠠ ᠶᠢᠨ 16 ᠤ ᠡᠳᠦᠷ ᠠᠴᠠ ᠡᠬᠢᠯᠡᠨ ᠪᠠᠺᠲ᠋ᠧᠷᠢ ᠤᠰᠠᠳᠬᠠᠭᠰᠠᠨ ᠰᠦ ᠶᠢ ᠦᠢᠯᠡᠳᠪᠦᠷᠢᠯᠡᠬᠦ ᠳᠤ ᠵᠦᠪᠭᠡᠨ ᠲᠦᠭᠦᠬᠡᠶ ᠰᠦ ᠪᠠᠷ ᠮᠠᠲ᠋ᠧᠷᠢᠶᠠᠯ | ᠡᠳ᠋ ᠪᠣᠯᠭᠠᠵᠤ ᠠᠭᠤᠰᠬᠠᠮᠠᠯ ᠰᠦ ︵复原乳︶ ᠶᠢ ᠬᠡᠷᠡᠭᠯᠡᠵᠦ ᠪᠣᠯᠬᠤ ᠦᠭᠡᠢ᠃ | ᠣᠶᠢᠷ᠎ᠠ ᠳᠤ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ | ᠲᠣᠪᠴᠢᠶ᠎ᠠ ᠬᠠᠮᠲᠤᠷᠠᠨ ︽ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠶᠢᠨ ᠪᠠᠺᠲ᠋ᠧᠷᠢ ᠤᠰᠠᠳᠬᠠᠭᠰᠠᠨ ᠰᠦ︾ ᠶᠢᠨ 1 ᠳ᠋ᠤᠭᠡᠷ ᠲᠣᠭᠠᠲᠤ ᠵᠠᠰᠠᠪᠤᠷᠢ | ᠣᠷᠣᠭᠤᠯᠤᠭᠰᠠᠨ ᠬᠠᠭᠤᠳᠠᠰᠤ ︵ᠳᠣᠷᠣᠭᠰᠢ 1 ᠳ᠋ᠤᠭᠡᠷ ᠲᠣᠭᠠᠲᠤ ᠵᠠᠰᠠᠪᠤᠷᠢ ᠣᠷᠣᠭᠤᠯᠤᠭᠰᠠᠨ ᠬᠠᠭᠤᠳᠠᠰᠤ ᠭᠡᠵᠦ ᠲᠣᠪᠴᠢᠯᠠᠨ᠎ᠠ︶ ᠶᠢ ᠨᠡᠶᠢᠲᠡᠯᠡᠪᠡ᠃ ᠠᠵᠢᠯ | ᠲᠥᠷᠥᠯ ᠤᠨ ᠲᠤᠰᠬᠠᠶ ᠮᠡᠷᠭᠡᠵᠢᠯᠲᠡᠨ ᠤ ᠦᠵᠡᠬᠦ ᠪᠠᠷ᠂ ᠪᠠᠷᠢᠮᠵᠢᠶ᠎ᠠ ᠳᠤ ᠵᠠᠰᠠᠪᠤᠷᠢ ᠣᠷᠣᠭᠤᠯᠬᠤ ᠨᠢ ᠪᠠᠺᠲ᠋ᠧᠷᠢ ᠤᠰᠠᠳᠬᠠᠭᠰᠠᠨ ᠰᠦᠨ ᠤ ᠶᠠᠰᠤ ᠴᠢᠨᠠᠷ ᠤᠨ | ᠳᠡᠭᠡᠭᠰᠢᠯᠡᠯᠲᠡ ᠶᠢ ᠪᠦᠲᠦᠮᠵᠢᠲᠡᠶ ᠠᠬᠢᠭᠤᠯᠬᠤ ᠪᠣᠯᠤᠨ᠎ᠠ᠃ | ᠪᠠᠺᠲ᠋ᠧᠷᠢ ᠤᠰᠠᠳᠬᠠᠭᠰᠠᠨ ᠰᠦ ᠳᠤ ᠵᠥᠪᠬᠡᠨ ᠲᠦᠭᠦᠬᠡᠶ ᠰᠦ ᠪᠠᠷ ᠮᠠᠲ᠋ᠧᠷᠢᠶᠠᠯ ᠪᠤᠯᠭᠠᠵᠤ ᠠᠭᠤᠰᠬᠠᠮᠠᠯ ᠰᠦ ᠶᠢ ᠬᠡᠷᠡᠭᠯᠡᠵᠦ ᠪᠣᠯᠬᠤ ᠦᠭᠡᠢ᠃ | 1 ᠳ᠋ᠤᠭᠡᠷ ᠲᠣᠭᠠᠲᠤ ᠵᠠᠰᠠᠪᠤᠷᠢ ᠣᠷᠣᠭᠤᠯᠤᠭᠰᠠᠨ ᠬᠠᠭᠤᠳᠠᠰᠤ ᠶᠢᠨ ᠬᠢᠯᠠᠰ ᠴᠡᠭ᠄ 1 ᠳ᠋ᠤᠭᠡᠷ ᠲᠣᠭᠠᠲᠤ ᠵᠠᠰᠠᠪᠤᠷᠢ ᠣᠷᠣᠭᠤᠯᠤᠭᠰᠠᠨ ᠬᠠᠭᠤᠳᠠᠰᠤ ᠶᠢ | ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠡᠭᠡᠵᠢᠩ ᠤᠨ ᠮᠠᠯ ᠠᠵᠤ ᠠᠬᠤᠶ ᠮᠠᠯ ᠡᠮᠨᠡᠯᠭᠡ ᠶᠢᠨ ᠰᠤᠳᠤᠯᠭᠠᠨ ᠤ ᠭᠠᠵᠠᠷ ᠤᠨ | ᠰᠦ ᠰᠠᠭᠠᠯᠢ ᠶᠢᠨ ᠤᠶᠢᠯᠡᠰ ᠤᠨ ᠰᠢᠨ᠎ᠡ ᠶᠢ ᠡᠭᠦᠳᠬᠦ ᠪᠦᠯᠬᠦᠮ ᠨᠡᠶᠢᠲᠡ ᠠᠴᠠ ᠲᠤᠭᠤᠷᠪᠢᠨ ᠪᠢᠴᠢᠪᠡ᠃ ᠲᠣᠰ ᠪᠦᠯᠬᠦᠮ ᠤᠨ ᠬᠤᠯᠪᠣᠭᠳᠠᠯ ᠪᠥᠬᠦᠶ | ᠬᠠᠷᠢᠭᠤᠴᠠᠯᠭᠠᠲᠠᠨ ᠲᠠᠨᠢᠯᠴᠠᠭᠤᠯᠤᠨ ᠬᠡᠯᠡᠬᠦ ᠳᠡᠭᠡᠨ᠂ ᠲᠣᠰ ᠤᠳᠠᠭ᠎ᠠ ᠶᠢᠨ ᠵᠠᠰᠠᠪᠤᠷᠢ ᠣᠷᠣᠭᠤᠯᠤᠭᠰᠠᠨ ᠶᠠᠪᠤᠳᠠᠯ ᠨᠢ ᠪᠠᠺᠲ᠋ᠧᠷᠢ ᠤᠰᠠᠳᠬᠠᠭᠰᠠᠨ ᠰᠦ ᠶᠢᠨ ᠠᠮᠤᠷ | ᠲᠦᠪᠰᠢᠨ ᠤ ᠭᠦᠢᠴᠡᠳᠬᠡᠯ ᠲᠤᠭ᠎ᠠ ᠳᠤ ᠬᠤᠯᠪᠣᠭᠳᠠᠬᠤ ᠥᠬᠡᠶ᠂ ᠭᠤᠤᠯ ᠬᠤᠪᠢᠷᠠᠯᠲᠠ ᠨᠢ ᠪᠠᠺᠲ᠋ᠧᠷᠢ ᠤᠰᠠᠳᠬᠠᠭᠰᠠᠨ ᠰᠦ ᠳᠤ ᠵᠥᠪᠬᠡᠨ ᠲᠦᠭᠦᠬᠡᠶ ᠰᠦ ᠪᠠᠷ | ᠮᠠᠲ᠋ᠧᠷᠢᠶᠠᠯ ᠪᠤᠯᠭᠠᠵᠤ᠂ ᠠᠭᠤᠰᠬᠠᠮᠠᠯ ᠰᠦ ᠬᠡᠷᠡᠭᠯᠡᠬᠦ ᠶᠢ ᠵᠥᠪᠰᠢᠶᠡᠷᠡᠬᠦ ᠥᠬᠡᠶ ︵ᠠᠭᠤᠰᠬᠠᠮᠠᠯ ᠰᠦ ᠶᠢ ᠪᠠᠰᠠ ︽ᠠᠭᠤᠰᠬᠠᠮᠠᠯ ᠰᠦᠨ ᠲᠠᠯᠠᠬ᠎ᠠ︾ ᠪᠤᠶᠤ ︽ | ᠠᠭᠤᠰᠬᠠᠮᠠᠯ ᠰᠦ︾ ᠭᠡᠳᠡᠭ᠂ ᠡᠨᠡ ᠨᠢ ᠬᠠᠭᠤᠷᠠᠶ ᠰᠦᠨ ᠤᠶᠢᠯᠡᠳᠭᠦᠨ ᠪᠣᠯᠤᠨ ᠤᠰᠤ ᠶᠢ ᠬᠠᠷᠢᠴᠠᠯ ᠶᠣᠰᠣᠭᠠᠷ ᠬᠤᠯᠢᠭᠰᠠᠨ ᠰᠦ ᠶᠢ ᠬᠡᠯᠡᠵᠦ ᠪᠠᠶᠢᠨ᠎ᠠ᠂ | ᠲᠤᠬᠠᠶᠢᠯᠠᠪᠠᠯ ᠰᠦᠨ ᠲᠠᠯᠬ᠎ᠠ ᠳᠤ ᠤᠰᠤ ᠨᠡᠮᠡᠵᠦ ᠬᠢᠵᠦ ᠭᠠᠷᠭᠠᠬᠰᠠᠨ ᠰᠦ ᠶᠢ ᠬᠡᠯᠡᠵᠦ ᠪᠠᠶᠢᠨ᠎ᠠ︶︔ ᠠᠭᠤᠰᠬᠠᠮᠠᠯ ᠰᠦ ᠶᠢ ᠬᠡᠷᠡᠭᠯᠡᠨ ᠤᠶᠢᠯᠡᠳᠪᠦᠷᠢᠯᠡᠨ | ᠭᠠᠷᠭᠠᠬᠰᠠᠨ ᠴᠠᠭᠠᠨ ᠢᠳᠡᠭᠡᠨ ᠳᠤ ︽ᠦᠨᠢᠶᠠᠨ ︵ᠬᠤᠨᠢ︶ ᠤ ᠴᠡᠪᠡᠷ ᠰᠦ︾ ᠪᠤᠶᠤ ︽ᠦᠨᠢᠶᠠᠨ ︵ᠬᠤᠨᠢ︶ ᠤ ᠴᠡᠪᠡᠷ ᠰᠦᠨ ᠲᠠᠯᠠᠬ᠎ᠠ︾ ᠭᠡᠵᠦ ᠬᠠᠳᠠᠵᠤ | ᠪᠣᠯᠬᠤ ᠥᠬᠡᠶ᠂ ᠬᠠᠷᠢᠨ ᠨᠠᠶᠢᠷᠠᠭᠤᠯᠤᠭᠰᠠᠨ ᠰᠦ ᠪᠠᠷ ᠬᠠᠮᠢᠶᠠᠷᠤᠨ᠎ᠠ ᠬᠡᠪᠡ᠃ |