ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠮᠡᠳᠡᠭᠳᠡᠯ ᠨᠡᠶᠢᠲᠡᠯᠡᠪᠡ︕
ᠨᠡᠶᠢᠲᠡᠯᠡᠭᠰᠡᠨ ᠴᠠᠭ᠄
2025/4/18
          ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠣᠶᠢᠷ᠎ᠠ ᠳᠤ ᠮᠡᠳᠡᠭᠳᠡᠯ ᠳᠠᠷᠤᠮᠠᠯᠯᠠᠨ ᠲᠠᠷᠬᠠᠭᠠᠵᠤ᠂ ᠬᠤᠲᠠ ᠪᠠᠯᠭᠠᠰᠤᠨ ᠤ ᠣᠷᠣᠨ ᠰᠠᠭᠤᠴᠠ ᠶᠢᠨ ᠢᠨᠵᠧᠨᠧᠷᠢᠩ ᠤᠨ ᠲᠠᠭᠤ ᠶᠢ ᠬᠠᠯᠬᠠᠯᠠᠬᠤ᠂ ᠦᠨᠦᠷ ᠦᠨᠦᠷᠳᠦᠬᠦ᠂ ᠨᠡᠪᠴᠢᠬᠦ ᠭᠤᠭᠤᠵᠢᠬᠤ ᠵᠡᠷᠭᠡ ᠶᠠᠰᠤ ᠴᠢᠨᠠᠷ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠤᠯᠳᠠᠯᠭ᠎ᠠ ᠲᠠᠢ ᠪᠠᠷ ᠴᠡᠭᠴᠡᠯᠡᠨ ᠵᠠᠰᠠᠬᠤ ᠬᠡᠷᠡᠭᠲᠡᠶ ᠭᠡᠵᠦ ᠱᠠᠭᠠᠷᠳᠠᠪᠠ᠃          ᠮᠡᠳᠡᠭᠳᠡᠯ ᠳᠤ᠂ ︽ᠣᠷᠣᠨ ᠰᠠᠭᠤᠴᠠ ᠶᠢᠨ ᠲᠦᠷᠦᠯ ᠵᠤᠶᠢᠯ ᠤᠨ ᠵᠢᠷᠤᠮᠵᠢᠯ︾᠎ ᠢ 5 ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠰᠢᠨ᠎ᠡ ᠪᠠᠷ ᠪᠠᠶᠢᠭᠤᠯᠬᠤ ᠣᠷᠣᠨ ᠰᠠᠭᠤᠴᠠ ᠶᠢᠨ ᠪᠠᠷᠢᠯᠭ᠎ᠠ ᠶᠢ ᠰᠢᠨ᠎ᠡ ᠪᠠᠷᠢᠮᠵᠢᠶ᠎ᠠ ᠶᠣᠰᠣᠭᠠᠷ ᠴᠢᠩᠭ᠎ᠠ ᠬᠡᠷᠡᠭᠵᠢᠭᠦᠯᠦᠨ᠎ᠡ᠃ ᠡᠯ᠎ᠡ ᠭᠠᠵᠠᠷ ᠤᠨ ᠬᠢᠨ ᠣᠷᠣᠨ ᠰᠠᠭᠤᠴᠠ ᠶᠢᠨ ᠲᠠᠭᠤ ᠶᠢ ᠬᠠᠯᠬᠠᠯᠠᠬᠤ᠂ ᠦᠨᠦᠷ ᠦᠨᠦᠷᠳᠦᠬᠦ ᠶᠢ ᠰᠡᠷᠭᠡᠶᠢᠯᠡᠬᠦ᠂ ᠤᠰᠤ ᠨᠡᠪᠴᠢᠬᠦ ᠭᠤᠭᠤᠵᠢᠬᠤ ᠶᠢ ᠰᠡᠷᠭᠡᠶᠢᠯᠡᠬᠦ ᠵᠡᠷᠭᠡ ᠪᠠᠷᠢᠮᠵᠢᠶ᠎ᠠ ᠶᠢᠨ ᠲᠣᠭᠲᠠᠭᠠᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ ᠪᠣᠳᠠᠲᠠᠶ ᠲᠠᠢ ᠪᠠᠨ ᠤᠶᠠᠯᠳᠤᠭᠤᠯᠤᠨ ᠬᠠᠮᠢᠶ᠎ᠠ ᠪᠥᠬᠦᠶ ᠮᠡᠷᠭᠡᠵᠢᠯ ᠤᠨ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠢ ᠨᠠᠷᠢᠯᠢᠬᠵᠢᠭᠤᠯᠬᠤ ᠬᠡᠷᠡᠭᠲᠡᠶ ᠬᠡᠪᠡ᠃          ᠮᠡᠳᠡᠭᠳᠡᠯ ᠳᠤ᠂ ᠪᠣᠳᠠᠲᠤ ᠴᠣᠭᠴᠠ ᠶᠢᠨ ᠴᠢᠳᠠᠪᠬᠢ ᠶᠢ ᠰᠢᠯᠭᠠᠨ ᠪᠠᠶᠢᠴᠠᠭᠠᠵᠤ᠂ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠣᠷᠣᠨ ᠰᠠᠭᠤᠴᠠ ᠶᠢᠨ ᠶᠠᠰᠤ ᠴᠢᠨᠠᠷ ᠤᠨ ᠪᠠᠲᠤᠯᠠᠭ᠎ᠠ ᠶᠢᠨ ᠪᠢᠴᠢᠭ ᠲᠤ ᠣᠷᠣᠭᠤᠯᠦᠨ᠎ᠡ᠃ ᠡᠯ᠎ᠡ ᠭᠠᠵᠠᠷ ᠤᠨ ᠬᠢᠨ ᠨᠢ ᠣᠷᠣᠨ ᠰᠠᠭᠤᠴᠠ ᠶᠢᠨ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠬᠤ ᠠᠴᠠ ᠡᠮᠦᠨ᠎ᠡ᠂ ᠪᠦᠲᠦᠭᠡᠨ ᠪᠠᠶᠢᠭᠤᠯᠬᠤ ᠨᠢᠭᠡᠴᠡ ᠶᠢ ᠰᠢᠮᠳᠠᠭᠤᠯᠵᠤ ᠪᠠᠶᠢᠭᠠᠳ ᠲᠠᠭᠤ ᠶᠢ ᠬᠠᠯᠬᠠᠯᠠᠬᠤ᠂ ᠦᠨᠦᠷ ᠦᠨᠦᠷᠳᠦᠬᠦ ᠶᠢ ᠰᠡᠷᠭᠡᠶᠢᠯᠡᠬᠦ᠂ ᠤᠰᠤ ᠨᠡᠪᠴᠢᠬᠦ ᠭᠤᠭᠤᠵᠢᠬᠤ ᠶᠢ ᠰᠡᠷᠭᠡᠶᠢᠯᠡᠬᠦ ᠵᠡᠷᠭᠡ ᠪᠣᠳᠠᠲᠤ ᠴᠣᠭᠴᠠ ᠶᠢᠨ ᠴᠢᠨᠠᠷ ᠴᠢᠳᠠᠯ ᠢ ᠰᠢᠯᠭᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠬᠤ ᠬᠡᠷᠡᠭᠲᠡᠶ᠃ ᠡᠭᠦᠨ ᠤ ᠵᠡᠷᠭᠡᠴᠡᠪᠡᠷ ᠪᠥᠬᠦ ᠬᠡᠯᠬᠢᠶ᠎ᠡ ᠲᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ᠂ ᠲᠣᠭᠲᠠᠭᠠᠯ ᠠᠴᠠ ᠵᠥᠷᠢᠴᠡᠨ ᠢᠲᠡᠭᠡᠯ ᠠᠯᠳᠠᠭᠰᠠᠨ ᠠᠵᠤ ᠠᠬᠤᠶᠢᠯᠠᠯ ᠢ ᠬᠠᠤᠯᠢ ᠶᠣᠰᠣᠭᠠᠷ ᠴᠢᠩᠭ᠎ᠠ ᠰᠢᠳᠬᠡᠵᠦ ᠬᠦᠨᠳᠦ ᠪᠠᠷ ᠲᠣᠷᠭᠠᠬᠤ ᠬᠡᠷᠡᠭᠲᠡᠢ᠃ ᠡᠯ᠎ᠡ ᠭᠠᠵᠠᠷ ᠤᠨ ᠬᠢᠨ ᠰᠢᠨ᠎ᠡ ᠪᠠᠷ ᠪᠠᠶᠢᠭᠤᠯᠬᠤ ᠣᠷᠣᠨ ᠰᠠᠭᠤᠴᠠ ᠶᠢᠨ ᠪᠠᠷᠢᠯᠭ᠎ᠠ ᠶᠢᠨ ᠵᠢᠷᠤᠭ ᠲᠥᠯᠥᠪᠯᠡᠭᠡ᠂ ᠮᠠᠲ᠋ᠧᠷᠢᠶᠠᠯ᠂ ᠪᠠᠷᠢᠯᠭ᠎ᠠ ᠪᠠᠷᠢᠬᠤ᠂ ᠰᠢᠯᠭᠠᠨ ᠠᠪᠬᠤ ᠵᠡᠷᠭᠡ ᠪᠦᠬᠦ ᠬᠡᠯᠬᠢᠶ᠎ᠡ ᠪᠠᠷ ᠨᠢ ᠬᠢᠨᠠᠯᠲᠠ ᠲᠠᠯᠪᠢᠵᠦ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠰᠠᠭᠤᠳᠠᠯ ᠪᠠᠶᠢᠬᠤ ᠶᠢ ᠣᠯᠵᠤ ᠮᠡᠳᠡᠪᠡᠯ ᠴᠠᠭ ᠲᠤᠬᠠᠶ ᠳᠤᠨᠢ ᠮᠡᠳᠡᠭᠳᠡᠬᠦ ᠬᠡᠷᠡᠭᠲᠡᠶ ᠭᠡᠵᠦ ᠴᠢᠬᠤᠯᠠᠴᠢᠯᠠᠪᠠ᠃
ᠢᠷᠡᠯᠲᠡ᠄ ᠠᠷᠠᠳ ᠤᠨ ᠰᠦᠯᠵᠢᠶ᠎ᠡ