ᠰᠢᠨᠬᠤᠸᠠ ᠬᠤᠷᠢᠶ᠎ᠠ ᠶᠢᠨ ᠫᠨᠤᠮ ᠪᠧᠩ ᠤᠨ 4 ᠰᠠᠷ᠎ᠠ ᠶᠢᠨ 17 ᠤ ᠴᠠᠭᠢᠯᠭᠠᠨ ᠮᠡᠳᠡᠭᠡ | 4 ᠰᠠᠷ᠎ᠠ ᠶᠢᠨ 17 ᠤ ᠣᠷᠣᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠺᠠᠮᠪᠤᠵᠠ ᠶᠢᠨ ᠲᠡᠷᠢᠭᠦᠨ ᠰᠠᠶᠢᠳ ᠬᠤᠩᠮᠠᠨᠠᠢ ᠲᠠᠢ ᠫᠨᠤᠮ ᠪᠧᠩ ᠤᠨ ᠡᠩᠬᠡ | ᠲᠠᠶᠢᠪᠤᠩ ᠲᠣᠮᠣ ᠠᠰᠠᠷ ᠲᠤ ᠬᠡᠯᠡᠯᠴᠡᠭᠡ ᠬᠢᠪᠡ᠃ ᠬᠤᠶᠠᠷ ᠤᠯᠤᠰ ᠤᠨ ᠤᠳᠤᠷᠢᠳᠬᠤ ᠬᠥᠮᠥᠨ ᠰᠢᠨ᠎ᠡ ᠴᠠᠭ ᠦᠶ᠎ᠡ ᠶᠢᠨ ᠥᠨᠢᠳᠡ ᠶᠢᠨ ᠳᠤᠮᠳᠠᠳᠤ ᠺᠠᠮᠪᠤᠵᠠ ᠶᠢᠨ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠭᠠᠷ ᠬᠤᠯᠪᠣᠨ ᠪᠠᠶᠢᠭᠤᠯᠬᠤ ᠪᠠᠷ ᠰᠠᠨᠠᠯ ᠨᠢᠭᠡᠲᠡᠢ ᠵᠥᠪᠰᠢᠶᠡᠷᠡᠵᠦ᠂ 2025 ᠣᠨ ᠪᠣᠯ ︽ᠳᠤᠮᠳᠠᠳᠤ ᠺᠠᠮᠪᠤᠵᠠ ᠶᠢᠨ | ᠵᠢᠭᠤᠯᠴᠢᠯᠠᠯ ᠤᠨ ᠣᠨ︾ ᠪᠣᠯᠣᠨ᠎ᠠ ᠭᠡᠵᠦ ᠨᠡᠶᠢᠲᠡᠯᠡᠪᠡ᠃ | | | | | | 4 ᠰᠠᠷ᠎ᠠ ᠶᠢᠨ 17 ᠤ ᠣᠷᠣᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠺᠠᠮᠪᠤᠵᠠ ᠶᠢᠨ ᠲᠡᠷᠢᠭᠦᠨ ᠰᠠᠶᠢᠳ ᠬᠤᠩᠮᠠᠨᠠᠢ ᠲᠠᠢ ᠫᠨᠤᠮ ᠪᠧᠩ ᠤᠨ ᠡᠩᠬᠡ | ᠲᠠᠶᠢᠪᠤᠩ ᠲᠣᠮᠣ ᠠᠰᠠᠷ ᠲᠤ ᠬᠡᠯᠡᠯᠴᠡᠭᠡ ᠬᠢᠪᠡ᠃ | ︵ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢᠦ ᠸᠧᠢ ᠳ᠋ᠦᠩ ᠰᠡᠭᠦᠳᠡᠷᠯᠡᠪᠡ︶ | | | ᠰᠢ ᠶᠢᠨ ᠫᠢᠩ᠂ ᠳᠤᠮᠳᠠᠳᠤ ᠺᠠᠮᠪᠤᠵᠠ ᠶᠢᠨ ᠬᠠᠳᠠᠨ ᠪᠠᠲᠤ ᠨᠥᠬᠦᠷᠯᠡᠯ ᠥᠨᠢ ᠤᠳᠠᠭᠠᠨ ᠲᠡᠦᠬᠡ ᠲᠠᠢ᠂ ᠪᠠᠲᠤ ᠪᠠᠬᠢ ᠤᠯᠤᠰ ᠲᠦᠷᠤ ᠶᠢᠨ ᠰᠠᠭᠤᠷᠢ ᠲᠠᠢ᠂ | ᠬᠦᠴᠦᠷᠬᠡᠭ ᠶᠡᠭᠡ ᠳᠣᠲᠣᠭᠠᠳᠤ ᠬᠥᠳᠡᠯᠭᠡᠬᠦ ᠬᠦᠴᠦᠨ ᠲᠠᠢ ᠶᠤᠮ᠃ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠬᠤᠶᠠᠷ ᠤᠯᠤᠰ ᠢᠮᠠᠭᠲᠠ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠡᠮᠦᠨ᠎ᠡ ᠡᠩᠨᠡᠭᠡᠨ ᠳᠤ ᠶᠠᠪᠤᠬᠤ ᠪᠣᠯᠣᠨ᠎ᠠ᠃ ᠣᠳᠣᠬᠠᠨ ᠳᠤ ᠳᠡᠯᠡᠬᠡᠢ ᠳ᠋ᠠᠬᠢᠨ ᠤ ᠵᠠᠭᠤᠨ | ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠨᠢ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠲᠠᠢ ᠪᠦᠷᠢᠮᠦᠰᠦᠨ ᠨᠡᠶᠢᠴᠡᠨ᠎ᠡ᠃ ᠳᠤᠮᠳᠠᠳᠤ ᠤᠯᠤᠰ | ᠥᠩᠭᠡᠷᠡᠭᠰᠡᠨ ᠲᠠᠢ ᠪᠠᠨ ᠠᠳᠠᠯᠢ ᠪᠠᠷ ᠺᠠᠮᠪᠤᠵᠠ ᠶᠢᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠲᠡᠮᠵᠢᠵᠥ᠂ | ᠺᠠᠮᠪᠤᠵᠠ ᠶᠢᠨ ᠵᠠᠰᠠᠭ ᠤᠨ ᠣᠷᠳᠣᠨ ᠤ ᠤᠷᠤᠭᠰᠢᠲᠠᠢ ᠪᠠᠷ ᠵᠠᠰᠠᠭ ᠶᠠᠪᠤᠭᠤᠯᠬᠤ ᠶᠢ ᠲᠡᠮᠵᠢᠵᠥ᠂ ᠺᠠᠮᠪᠤᠵᠠ ᠶᠢᠨ ᠬᠢᠨ ᠤ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ | ᠶᠠᠪᠤᠳᠠᠯ ᠳᠤ ᠨᠡᠩ ᠴᠢᠬᠤᠯᠠ ᠦᠢᠯᠡᠳᠦᠯ ᠦᠵᠡᠭᠦᠯᠭᠦ ᠶᠢ ᠲᠡᠮᠵᠢᠨ᠎ᠡ᠃ ᠬᠤᠶᠠᠷ ᠲᠠᠯ᠎ᠠ ᠪᠠᠷ ᠢᠶᠠᠨ ᠰᠢᠨ᠎ᠡ ᠴᠠᠭ ᠦᠶ᠎ᠡ ᠶᠢᠨ ᠥᠨᠢᠳᠡ ᠶᠢᠨ ᠳᠤᠮᠳᠠᠳᠤ ᠺᠠᠮᠪᠤᠵᠠ ᠶᠢᠨ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠠᠷ ᠰᠢᠨ᠎ᠡ ᠭᠠᠷᠤᠭ᠎ᠠ ᠪᠤᠯᠭᠠᠵᠤ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠰᠢᠨ᠎ᠡ | ᠬᠡᠪᠯᠡᠯ ᠤᠨ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠠᠵᠢᠯᠯᠠᠭᠠᠨ ᠤ ᠲᠥᠯᠥᠪᠯᠡᠭᠡ ᠶᠢ ᠦᠷᠭᠦᠯᠵᠢᠯᠡᠨ ᠰᠠᠶᠢᠲᠤᠷ | ᠨᠠᠶᠢᠳᠠᠪᠤᠷᠢᠵᠢᠭᠤᠯᠵᠤ᠂ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ | ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠲᠦᠷᠭᠡᠳᠬᠡᠨ ᠨᠠᠶᠢᠳᠠᠪᠤᠷᠢᠵᠢᠭᠤᠯᠵᠤ᠂ ᠨᠡᠩ ᠥᠨᠳᠥᠷ ᠲᠦᠪᠰᠢᠨ ᠪᠦᠬᠦᠢ | ᠤᠯᠤᠰ ᠲᠦᠷᠦ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ ᠨᠡᠩ ᠴᠢᠨᠠᠷ ᠰᠠᠶᠢᠲᠠᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠥᠷᠭᠡᠳᠬᠡᠵᠦ᠂ ᠨᠡᠩ ᠥᠨᠳᠥᠷ | ᠳᠠᠪᠬᠤᠷᠭ᠎ᠠ ᠶᠢᠨ ᠠᠮᠤᠷ ᠲᠦᠪᠰᠢᠨ ᠤ ᠪᠠᠲᠤᠯᠠᠭ᠎ᠠ ᠶᠢ ᠪᠠᠬᠢᠵᠢᠭᠦᠯᠵᠦ᠂ ᠨᠡᠩ ᠥᠨᠳᠥᠷ ᠳᠠᠪᠲᠠᠮᠵᠢᠲᠤ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠥᠷᠨᠢᠭᠦᠯᠵᠦ᠂ ᠨᠡᠩ | ᠥᠨᠳᠥᠷ ᠪᠠᠷᠢᠮᠵᠢᠶ᠎ᠠ ᠪᠦᠬᠦᠢ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ | ᠦᠢᠯᠡᠳᠦᠶ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠺᠠᠮᠪᠤᠵᠠ ᠶᠢᠨ ᠵᠠᠰᠠᠭ ᠤᠨ ᠣᠷᠳᠣᠨ ᠤ ᠬᠤᠭᠤᠷᠣᠨᠳᠣᠭᠢ ᠵᠣᠬᠢᠴᠠᠭᠤᠯᠬᠤ ᠵᠥᠪᠯᠡᠯ ᠤᠨ ᠲᠣᠭᠲᠠᠴᠠ ᠶᠢ ᠰᠠᠶᠢᠲᠤᠷ | ᠠᠰᠢᠭᠯᠠᠵᠤ᠂ ᠬᠤᠶᠠᠷ ᠤᠯᠤᠰ ᠤᠨ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ᠂ ᠪᠠᠲᠤᠯᠠᠨ ᠬᠠᠮᠠᠭᠠᠯᠠᠯᠲᠠ ᠶᠢᠨ ᠶᠠᠮᠤᠨ ᠤ ᠰᠠᠶᠢᠳ ᠤᠨ ︽2+2︾ ᠪᠠᠶᠢᠯᠳᠤᠬᠤ | ᠪᠣᠳᠣᠯᠭ᠎ᠠ ᠶᠢᠨ ᠶᠠᠷᠢᠯᠴᠠᠭ᠎ᠠ ᠶᠢ ᠰᠠᠶᠢᠲᠤᠷ ᠬᠢᠵᠦ᠂ ᠨᠠᠮ ᠤᠨ ᠬᠤᠭᠤᠷᠣᠨᠳᠣᠭᠢ᠂ ᠬᠠᠤᠯᠢ ᠲᠣᠭᠲᠠᠭᠠᠬᠤ ᠪᠠᠶᠢᠭᠤᠯᠤᠮᠵᠢ ᠵᠡᠷᠭᠡ ᠠᠷᠭ᠎ᠠ ᠵᠠᠮ ᠤᠨ ᠶᠠᠪᠤᠯᠴᠠᠭ᠎ᠠ ᠪᠠᠨ | ᠴᠢᠩᠭᠠᠳᠬᠠᠵᠤ᠂ ᠠᠶᠤᠯ ᠲᠦᠭᠰᠢᠭᠦᠷᠢ ᠪᠠ ᠥᠷᠢᠰᠦᠯᠳᠦᠭᠡᠨ ᠢ ᠭᠠᠷ ᠬᠤᠯᠪᠣᠨ ᠠᠷᠭᠠᠴᠠᠭᠠᠵᠤ᠂ ᠬᠤᠶᠠᠷ ᠲᠠᠯ᠎ᠠ ᠶᠢᠨ ᠬᠠᠮᠲᠤ ᠶᠢᠨ ᠠᠰᠢᠭ ᠲᠤᠰᠠ ᠶᠢ ᠬᠠᠮᠠᠭᠠᠯᠠᠶ᠎ᠠ᠃ | ᠳᠤᠮᠳᠠᠳᠤ ᠤᠯᠤᠰ ᠳᠤᠷᠠᠲᠠᠶ᠎ᠠ ᠺᠠᠮᠪᠤᠵᠠ ᠯᠤᠭ᠎ᠠ ᠠᠵᠠ ᠲᠣᠭᠢᠶᠠᠯ ᠢ ᠬᠠᠮᠲᠤ ᠪᠠᠷ ᠡᠳ᠋ᠯᠡᠵᠦ᠂ ᠬᠥᠭᠵᠢᠯᠲᠡ ᠶᠢ ᠬᠠᠮᠲᠤ ᠪᠠᠷ ᠡᠷᠢᠯᠬᠢᠯᠡᠨ᠎ᠡ᠃ ᠬᠤᠶᠠᠷ ᠲᠠᠯ᠎ᠠ ᠪᠠᠷ ᠢᠶᠠᠨ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠬᠠᠮᠲᠤᠷᠠᠯᠴᠠᠭ᠎ᠠ ᠶᠢ ᠶᠡᠭᠡ ᠪᠠᠷ ᠠᠬᠢᠭᠤᠯᠵᠤ᠂ ︽ᠠᠯᠮᠠᠰ ᠵᠢᠷᠭᠤᠭᠠᠨ ᠲᠠᠯ᠎ᠠ︾ | ᠶᠢᠨ ᠬᠠᠮᠲᠤᠷᠠᠯᠴᠠᠭᠠᠨ ᠤ ᠪᠦᠲᠦᠴᠡ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠲᠤᠰ ᠲᠤᠰ ᠤᠨ ᠢᠶᠠᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ | ᠰᠢᠨ᠎ᠡ ᠬᠥᠳᠡᠯᠭᠡᠬᠦ ᠬᠦᠴᠦᠨ ᠨᠡᠮᠡᠷᠢᠯᠡᠶ᠎ᠡ᠃ ᠳᠤᠮᠳᠠᠳᠤ ᠤᠯᠤᠰ ᠨᠡᠩ ᠤᠯᠠᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠺᠠᠮᠪᠤᠵᠠ ᠳᠤ ᠬᠦᠷᠴᠦ ᠪᠡᠯᠡ | ᠣᠷᠣᠭᠤᠯᠬᠤ ᠶᠢ ᠵᠣᠷᠢᠭᠵᠢᠭᠤᠯᠵᠤ᠂ ᠺᠠᠮᠪᠤᠵᠠ ᠳᠤ ᠭᠡᠳᠤ ᠶᠡᠭᠡ ᠬᠡᠪᠴᠢᠶᠡᠨ ᠤ ᠵᠠᠬ᠎ᠠ ᠳᠡᠯᠭᠡᠭᠦᠷ ᠢ ᠨᠡᠭᠡᠭᠡᠵᠦ᠂ ᠺᠠᠮᠪᠤᠵᠠ ᠶᠢᠨ ᠴᠢᠨᠠᠷ ᠰᠠᠶᠢᠲᠠᠢ ᠲᠠᠷᠢᠶᠠᠯᠠᠩ ᠤᠨ | ᠪᠦᠲᠦᠭᠡᠭᠳᠡᠬᠦᠨ ᠢ ᠨᠡᠩ ᠤᠯᠠᠨ ᠣᠷᠣᠭᠤᠯᠤᠨ᠎ᠠ᠃ ᠬᠤᠶᠠᠷ ᠤᠯᠤᠰ ᠤᠨ ᠠᠷᠠᠳ ᠲᠦᠮᠡᠨ ᠣᠶᠢᠯᠠᠭᠠᠯᠴᠠᠭ᠎ᠠ ᠪᠣᠯᠣᠨ ᠨᠥᠭᠦᠷᠰᠡᠭ ᠬᠠᠶᠢᠷ᠎ᠠ ᠰᠡᠳᠬᠢᠯᠭᠡ ᠪᠠᠨ | ᠵᠤᠵᠠᠭᠠᠳᠬᠠᠵᠤ᠂ ᠳᠤᠮᠳᠠᠳᠤ ᠺᠠᠮᠪᠤᠵᠠ ᠶᠢᠨ ᠪᠣᠯᠪᠠᠰᠤᠨ ᠤ ᠰᠣᠯᠢᠯᠴᠠᠭ᠎ᠠ ᠪᠠᠨ ᠬᠠᠷᠢᠯᠴᠠᠨ ᠲᠣᠯᠢ ᠪᠤᠯᠭᠠᠬᠤ ᠶᠢ ᠠᠬᠢᠭᠤᠯᠤᠶ᠎ᠠ᠃ ᠳᠤᠮᠳᠠᠳᠤ ᠤᠯᠤᠰ ᠦᠷᠭᠦᠯᠵᠢᠯᠡᠨ | ᠺᠠᠮᠪᠤᠵᠠ ᠳᠤ ᠵᠠᠰᠠᠭ ᠤᠨ ᠣᠷᠳᠣᠨ ᠤ ᠰᠤᠷᠤᠯᠭ᠎ᠠ ᠶᠢᠨ ᠱᠠᠩᠨᠠᠯ ᠤᠨ ᠮᠥᠩᠭᠦ ᠬᠠᠩᠭᠠᠵᠤ᠂ ᠳᠤᠮᠳᠠᠳᠤ ᠺᠠᠮᠪᠤᠵᠠ ᠶᠢᠨ ᠵᠠᠯᠠᠭᠤᠴᠤᠳ ᠤᠨ ᠶᠠᠷᠢᠯᠴᠠᠭ᠎ᠠ ᠰᠣᠯᠢᠯᠴᠠᠭᠠᠨ ᠤ | ᠲᠣᠭᠲᠠᠴᠠ ᠶᠢ ᠪᠠᠶᠢᠭᠤᠯᠬᠤ ᠶᠢ ᠳᠡᠮᠵᠢᠵᠦ᠂ ᠣᠷᠣᠨ ᠨᠤᠲᠤᠭ᠂ ᠵᠠᠭᠤᠴᠢᠯᠠᠭᠤᠷ᠂ ᠤᠶᠤᠨ ᠤ ᠬᠥᠮᠥᠷᠭᠡ ᠶᠢᠨ ᠲᠠᠯ᠎ᠠ ᠪᠠᠷ ᠨᠡᠩ ᠤᠯᠠᠨ ᠰᠣᠯᠢᠯᠴᠠᠭ᠎ᠠ ᠥᠷᠨᠢᠭᠦᠯᠬᠦ ᠶᠢ | ᠵᠣᠷᠢᠭᠵᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠢ ᠶᠠᠪᠤᠬᠤ ᠳᠤᠳᠤᠮ ᠣᠶᠢᠷᠠᠲᠤᠭᠤᠯᠵᠤ᠂ ᠶᠠᠪᠤᠬᠤ ᠳᠤᠳᠤᠮ ᠳᠣᠲᠣᠨᠣ ᠪᠣᠯᠭᠠᠨ᠎ᠠ᠃ ᠬᠤᠶᠠᠷ ᠲᠠᠯ᠎ᠠ ᠪᠠᠷ ᠢᠶᠠᠨ | ᠨᠡᠩ ᠬᠦᠴᠦᠲᠡᠢ᠂ ᠨᠡᠩ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠰᠦᠯᠵᠢᠶᠡᠨ ᠳᠡᠭᠡᠷ᠎ᠡ ᠵᠣᠭᠤᠰ ᠮᠥᠷᠥᠶᠢᠴᠡᠬᠦ ᠴᠠᠭᠢᠯᠭᠠᠨ ᠴᠢᠮᠡᠭᠡ ᠬᠤᠯᠪᠣᠭᠠᠨ ᠤ ᠮᠡᠬᠡᠯᠡᠯ ᠳᠤ ᠡᠷᠡᠰ | ᠴᠣᠬᠢᠯᠲᠠ ᠥᠭᠴᠦ᠂ ᠨᠡᠶᠢᠭᠡᠮ ᠤᠨ ᠠᠮᠤᠷ ᠲᠣᠭᠲᠠᠭᠤᠨ ᠪᠣᠯᠣᠨ ᠭᠠᠵᠠᠷ ᠣᠷᠣᠨ ᠤ ᠤᠯᠤᠰ ᠤᠳ ᠤᠨ ᠬᠡᠪ ᠤᠨ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠶ᠎ᠠ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠺᠠᠮᠪᠤᠵᠠ ᠬᠤᠶᠠᠷ ᠤᠯᠤᠰ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ ᠴᠢᠬᠤᠯᠠ ᠬᠦᠴᠦᠨ ᠪᠣᠯᠤᠭᠰᠠᠨ ᠤ | ᠬᠤᠪᠢ ᠳᠤ ᠡᠩᠬᠡ ᠲᠠᠶᠢᠪᠤᠩ᠂ ᠪᠦᠯᠬᠦᠮᠳᠡᠯ᠂ ᠬᠠᠮᠲᠤᠷᠠᠯᠴᠠᠭ᠎ᠠ ᠶᠢᠨ ᠬᠠᠮᠲᠤ ᠶᠢᠨ ᠦᠷᠳᠡᠭ ᠤᠨ ᠬᠥᠭᠡᠭᠡᠴᠡᠯᠳᠦᠯ ᠢᠶᠠᠨ ᠪᠠᠲᠤ ᠰᠠᠬᠢᠵᠤ᠂ ᠭᠠᠭᠴᠠ ᠲᠠᠯ᠎ᠠ ᠶᠢᠨ ᠡᠵᠡᠷᠬᠡᠭ | ᠠᠵᠢᠯᠯᠠᠭ᠎ᠠ ᠶᠢ ᠡᠰᠡᠷᠭᠦᠴᠡᠵᠦ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠦᠶ᠎ᠡ᠃ ᠪᠦᠯᠦᠭᠯᠡᠯ ᠤᠨ ᠡᠰᠡᠷᠭᠦᠴᠡᠯᠳᠦᠯ ᠪᠠ ᠯᠡᠭᠧᠷ ᠤᠨ ᠡᠰᠡᠷᠭᠦᠴᠡᠯᠳᠦᠯ ᠢ | ᠡᠷᠡᠰ ᠡᠰᠡᠷᠭᠦᠴᠡᠵᠦ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ᠂ ᠯᠠᠨᠼᠠᠩᠵᠢᠶᠠᠩ ᠮᠥᠷᠡᠨ ᠮᠧᠶᠢᠭᠤᠩ ᠮᠥᠷᠡᠨ ᠤ ᠬᠠᠮᠲᠤᠷᠠᠯᠴᠠᠭ᠎ᠠ ᠵᠡᠷᠭᠡ ᠪᠣᠷᠣ | ᠲᠥᠯᠥᠪ ᠤᠨ ᠳᠣᠲᠣᠷᠠᠬᠢ ᠵᠣᠬᠢᠴᠠᠭᠤᠯᠭ᠎ᠠ ᠪᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠤᠬᠠᠢ ᠶᠢᠨ ᠭᠠᠵᠠᠷ ᠣᠷᠣᠨ ᠤ ᠭᠢᠯᠪᠡᠷ ᠪᠤᠰᠤ ᠪᠠᠷ ᠢᠷᠡᠭᠰᠡᠨ ᠡᠩᠬᠡ | ᠲᠠᠶᠢᠪᠤᠩ ᠬᠥᠭᠵᠢᠯᠲᠡ ᠶᠢᠨ ᠪᠠᠶᠢᠳᠠᠯ ᠢ ᠬᠠᠮᠲᠤ ᠪᠠᠷ ᠬᠠᠮᠠᠭᠠᠯᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ | ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠶ᠎ᠡ ᠭᠡᠵᠦ ᠵᠢᠭᠠᠵᠤ ᠭᠠᠷᠭᠠᠪᠠ᠃ | ᠬᠤᠩᠮᠠᠨᠠᠢ᠂ ᠺᠠᠮᠪᠤᠵᠠ ᠪᠣᠯᠣᠨ ᠳᠤᠮᠳᠠᠳᠤ ᠤᠯᠤᠰ ᠤᠷᠳᠤ ᠬᠤᠭᠤᠴᠠᠭᠠᠨ ᠤ ᠲᠤᠷᠰᠢ ᠬᠠᠷᠢᠯᠴᠠᠨ ᠭᠦᠨᠳᠦᠳᠭᠡᠵᠦ᠂ ᠡᠷᠬᠡ ᠲᠡᠭᠰᠢ ᠬᠠᠨᠳᠤᠭᠰᠠᠭᠠᠷ | ᠢᠷᠡᠵᠠᠢ᠂ ᠳᠤᠮᠳᠠᠳᠤ ᠤᠯᠤᠰ ᠪᠣᠯ ᠺᠠᠮᠪᠤᠵᠠ ᠶᠢᠨ ᠬᠠᠮᠤᠭ ᠤᠨ ᠨᠠᠶᠢᠳᠠᠪᠤᠷᠢᠲᠠᠢ᠂ ᠬᠠᠮᠤᠭ ᠤᠨ ᠢᠲᠡᠭᠡᠯ ᠲᠠᠢ ᠨᠠᠶᠢᠵᠠ ᠮᠥᠨ᠃ ᠲᠡᠷᠢᠭᠦᠯᠡᠭᠴᠢ ᠰᠢ ᠶᠢᠨ ᠫᠢᠩ ᠤᠨ ᠡᠨᠡ | ᠤᠳᠠᠭ᠎ᠠ ᠶᠢᠨ ᠠᠶᠢᠯᠴᠢᠯᠠᠯᠲᠠ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠬᠤᠶᠠᠷ ᠤᠯᠤᠰ ᠤᠨ ᠤᠯᠤᠰ ᠲᠦᠷᠦ ᠶᠢᠨ ᠢᠲᠡᠭᠡᠯᠴᠡᠭᠡ ᠶᠢ ᠭᠦᠨᠵᠡᠭᠡᠶᠢᠷᠡᠭᠦᠯᠵᠦ᠂ | ᠺᠠᠮᠪᠤᠵᠠ ᠲᠤᠮᠳᠠᠳᠤ ᠶᠢᠨ ᠰᠢᠨ᠎ᠡ ᠴᠠᠭ ᠦᠶ᠎ᠡ ᠶᠢᠨ ᠥᠨᠢᠳᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠬᠦᠴᠦᠲᠡᠢ ᠠᠬᠢᠭᠤᠯᠬᠤ | ᠪᠣᠯᠣᠨ᠎ᠠ᠃ ᠺᠠᠮᠪᠤᠵᠠ ᠶᠢᠨ ᠬᠢᠨ ᠳᠤᠮᠳᠠᠳᠤ ᠤᠯᠤᠰ ᠤᠨ ᠣᠯᠣᠭᠰᠠᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠮᠵᠢᠯᠲᠠ ᠪᠦᠲᠦᠮᠵᠢ ᠳᠤ ᠪᠠᠶᠠᠷ ᠬᠦᠷᠭᠡᠵᠦ | ᠪᠠᠶᠢᠨ᠎ᠠ᠂ ᠲᠡᠷᠢᠭᠦᠯᠡᠭᠴᠢ ᠰᠢ ᠶᠢᠨ ᠫᠢᠩ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠪᠠᠨ | ᠲᠣᠭᠲᠠᠭᠰᠠᠨ ᠬᠤᠭᠤᠴᠠᠭᠠᠨ ᠳᠠᠭᠠᠨ ᠪᠡᠶᠡᠯᠡᠭᠦᠯᠬᠦ ᠶᠢ ᠪᠠᠲᠤ ᠢᠲᠡᠭᠡᠵᠦ ᠪᠠᠶᠢᠨ᠎ᠠ᠃ ᠳᠤᠮᠳᠠᠳᠤ ᠶᠢᠨ ᠲᠠᠯ᠎ᠠ ᠶᠢᠨ ᠬᠢᠨ ᠤ ᠺᠠᠮᠪᠤᠵᠠ ᠶᠢᠨ ᠠᠵᠤ ᠠᠬᠤᠢ ᠶᠢᠨ | ᠬᠥᠭᠵᠢᠯᠲᠡ ᠪᠠ ᠪᠡᠶ᠎ᠡ ᠪᠠᠨ ᠳᠠᠭᠠᠭᠠᠵᠤ ᠡᠵᠡᠨ ᠮᠡᠳᠡᠬᠦ ᠶᠢ ᠬᠠᠮᠠᠭᠠᠯᠠᠬᠤ ᠶᠢ ᠶᠡᠭᠡ ᠪᠠᠷ ᠳᠡᠮᠵᠢᠵᠦ ᠪᠠᠶᠢᠬᠤ ᠳᠤ ᠲᠠᠯᠠᠷᠬᠠᠵᠤ ᠪᠠᠶᠢᠨ᠎ᠠ᠃ ᠺᠠᠮᠪᠤᠵᠠ ᠶᠢᠨ ᠬᠢᠨ ᠨᠢᠭᠡ | ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠵᠢᠷᠤᠮᠯᠠᠵᠤ᠂ ᠳᠤᠮᠳᠠᠳᠤ ᠤᠯᠤᠰ ᠤᠨ ᠡᠷᠬᠡ ᠮᠡᠳᠡᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ | ᠪᠠᠶᠢᠬᠤ ᠪᠠᠨ ᠬᠠᠮᠠᠭᠠᠯᠠᠬᠤ ᠶᠢ ᠲᠡᠮᠵᠢᠨ᠎ᠠ᠃ ᠺᠠᠮᠪᠤᠵᠠ ᠶᠢᠨ ᠬᠢᠨ ᠳᠤᠮᠳᠠᠳᠤ ᠤᠯᠤᠰ ᠯᠤᠭ᠎ᠠ ᠶᠢᠨ ᠨᠥᠬᠦᠷᠯᠡᠯ ᠢᠶᠠᠨ ᠪᠠᠲᠤᠳᠬᠠᠵᠤ᠂ ᠳᠤᠷᠠᠲᠠᠶ᠎ᠠ ᠳᠤᠮᠳᠠᠳᠤ ᠤᠯᠤᠰ | ᠯᠤᠭ᠎ᠠ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠪᠠᠲᠤᠯᠠᠵᠤ᠂ ᠪᠠᠶᠢᠯᠳᠤᠬᠤ ᠪᠣᠳᠣᠯᠭ᠎ᠠ ᠶᠢᠨ ᠠᠮᠤᠷ ᠲᠦᠪᠰᠢᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠣᠯᠣᠳ | ᠮᠡᠲᠦ ᠪᠠᠲᠤ ᠨᠥᠬᠦᠷᠯᠡᠯ ᠢᠶᠠᠨ ᠭᠦᠨᠵᠡᠭᠡᠶᠢᠷᠡᠭᠦᠯᠦᠨ᠎ᠡ᠃ ᠳᠤᠮᠳᠠᠳᠤ ᠤᠯᠤᠰ ᠪᠣᠯ ᠺᠠᠮᠪᠤᠵᠠ ᠶᠢᠨ ᠬᠠᠮᠤᠭ ᠤᠨ ᠲᠣᠮᠣ ᠠᠷᠠᠯᠵᠢᠶᠠᠨ ᠤ ᠬᠠᠨᠢᠲᠠᠨ ᠪᠠ ᠬᠠᠮᠤᠭ ᠤᠨ ᠲᠣᠮᠣ | ᠪᠡᠯᠡ ᠣᠷᠣᠭᠤᠯᠤᠯᠲᠠ ᠶᠢᠨ ᠢᠷᠡᠯᠲᠡ ᠤᠯᠤᠰ ᠪᠣᠯᠣᠨ᠎ᠠ᠂ ᠺᠠᠮᠪᠤᠵᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠠᠵᠤ ᠠᠬᠤᠢ ᠠᠷᠠᠯᠵᠢᠶ᠎ᠠ᠂ ᠪᠡᠯᠡ | ᠣᠷᠣᠭᠤᠯᠤᠯᠲᠠ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ᠂ ᠬᠥᠳᠡᠭᠡ ᠠᠵᠤ ᠠᠬᠤᠢ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ | ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠦᠯᠵᠢᠶᠡᠨ ᠳᠡᠭᠡᠷ᠎ᠡ ᠵᠣᠭᠤᠰ ᠮᠥᠷᠥᠶᠢᠴᠡᠬᠦ ᠴᠠᠭᠢᠯᠭᠠᠨ ᠴᠢᠮᠡᠭᠡ ᠬᠤᠯᠪᠤᠭ᠎ᠠ ᠰᠦᠯᠵᠢᠶᠡᠨ ᠮᠡᠬᠡᠯᠡᠯ ᠳᠤ | ᠬᠠᠮᠲᠤ ᠪᠠᠷ ᠴᠣᠬᠢᠯᠲᠠ ᠥᠭᠭᠦᠨ᠎ᠡ︔ ᠰᠤᠷᠭᠠᠨ ᠬᠥᠮᠦᠵᠢᠯ᠂ ᠰᠣᠶᠣᠯ ᠵᠡᠷᠭᠡ ᠰᠣᠶᠣᠯ ᠢᠷᠭᠡᠨᠰᠢᠯ ᠤᠨ ᠬᠦᠷᠢᠶᠡᠨ ᠳᠠᠬᠢ ᠰᠣᠯᠢᠯᠴᠠᠭ᠎ᠠ ᠪᠠᠨ ᠴᠢᠩᠭᠠᠳᠬᠠᠵᠤ᠂ ︽ᠺᠠᠮᠪᠤᠵᠠ | ᠳᠤᠮᠳᠠᠳᠤ ᠶᠢᠨ ᠵᠢᠭᠤᠯᠴᠢᠯᠠᠯ ᠤᠨ ᠣᠨ︾ ᠢ ᠰᠠᠶᠢᠲᠤᠷ ᠡᠷᠭᠢᠯᠡᠨ᠎ᠡ᠃ ᠺᠠᠮᠪᠤᠵᠠ ᠶᠢᠨ ᠬᠢᠨ ᠳᠤᠮᠳᠠᠳᠤ ᠤᠯᠤᠰ ᠤᠨ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ | ᠶᠠᠪᠤᠳᠠᠯ ᠳᠤ ᠦᠵᠡᠭᠦᠯᠦᠭᠰᠡᠨ ᠢᠳᠡᠪᠬᠢᠲᠡᠢ ᠦᠢᠯᠡᠳᠦᠯ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ᠂ ᠪᠦᠭᠦ ᠪᠥᠮᠪᠥᠷᠴᠡᠭ ᠤᠨ ᠭᠤᠷᠪᠠᠨ ᠶᠡᠭᠡ ᠰᠠᠨᠠᠭᠠᠴᠢᠯᠠᠭ᠎ᠠ ᠪᠣᠯᠣᠨ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭ᠎ᠠ ᠶᠢ ᠲᠡᠮᠵᠢᠨ᠎ᠠ᠃ ᠭᠠᠭᠴᠠ ᠲᠠᠯᠠᠲᠤ ᠦᠵᠡᠯ ᠳᠡᠯᠡᠬᠡᠢ ᠶᠢᠨ ᠪᠠᠶᠢᠳᠠᠯ ᠢ | ᠲᠣᠭᠲᠠᠭᠤᠨ ᠪᠤᠰᠤ ᠪᠤᠯᠭᠠᠵᠤ᠂ ᠤᠯᠠᠨ ᠲᠠᠯᠠᠲᠤ ᠠᠷᠠᠯᠵᠢᠶᠠᠨ ᠤ ᠰᠢᠰᠲ᠋ᠧᠮ ᠴᠣᠬᠢᠯᠲᠠ ᠳᠤ ᠤᠴᠠᠷᠠᠭᠰᠠᠨ ᠪᠠᠶᠢᠳᠠᠯ ᠤᠨ ᠳᠣᠣᠷ᠎ᠠ᠂ ᠳᠤᠮᠳᠠᠳᠤ ᠤᠯᠤᠰ ᠤᠳᠤᠷᠢᠳᠬᠤ | ᠦᠢᠯᠡᠳᠦᠯ ᠢᠶᠠᠨ ᠪᠠᠳᠠᠷᠠᠭᠤᠯᠵᠤ᠂ ᠳᠡᠯᠡᠬᠡᠢ ᠳ᠋ᠠᠬᠢᠨ ᠳᠤ ᠡᠷᠬᠢᠮ ᠨᠠᠨᠳᠢᠨ ᠲᠣᠬᠲᠠᠭᠠᠯᠳᠤ ᠴᠢᠨᠠᠷ ᠢ ᠬᠠᠩᠭᠠᠵᠠᠢ᠃ ᠺᠠᠮᠪᠤᠵᠠ ᠶᠢᠨ ᠬᠢᠨ ᠳᠤᠷᠠᠲᠠᠶ᠎ᠠ ᠳᠤᠮᠳᠠᠳᠤ ᠤᠯᠤᠰ | ᠯᠤᠭ᠎ᠠ ᠵᠣᠬᠢᠴᠠᠭᠤᠯᠭ᠎ᠠ ᠪᠠ ᠬᠠᠮᠵᠢᠯᠴᠠᠭ᠎ᠠ ᠪᠠᠨ ᠴᠢᠩᠭᠠᠳᠬᠠᠵᠤ᠂ ᠬᠤᠶᠠᠷ ᠲᠠᠯ᠎ᠠ ᠶᠢᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ ᠢᠯᠡᠳᠬᠡᠪᠡ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ ᠬᠤᠶᠠᠷ ᠤᠯᠤᠰ ᠤᠨ ᠤᠳᠤᠷᠢᠳᠬᠤ ᠬᠥᠮᠥᠨ ᠳᠤᠮᠳᠠᠳᠤ ᠺᠠᠮᠪᠤᠵᠠ ᠬᠤᠶᠠᠷ ᠲᠠᠯ᠎ᠠ ᠪᠠᠷ ᠢᠶᠠᠨ 30 ᠭᠠᠷᠤᠢ ᠬᠤᠪᠢ | ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠰᠣᠯᠢᠯᠴᠠᠬᠤ ᠶᠢ ᠬᠠᠮᠲᠤ ᠪᠠᠷ ᠭᠡᠷᠡᠴᠢᠯᠡᠵᠦ᠂ ᠦᠢᠯᠡᠳᠪᠦᠷᠢᠯᠡᠯ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ᠂ | ᠵᠣᠬᠢᠶᠠᠮᠠᠯ ᠤᠶᠤᠨ ᠴᠢᠳᠠᠪᠤᠷᠢ᠂ ᠬᠥᠭᠵᠢᠯᠲᠡ ᠳᠤ ᠲᠤᠰᠠᠯᠠᠮᠵᠢ ᠦᠵᠡᠭᠦᠯᠭᠦ᠂ ᠪᠣᠭᠤᠮᠲᠠ ᠶᠢᠨ ᠰᠢᠯᠭᠠᠨ ᠪᠠᠶᠢᠴᠠᠭᠠᠯᠲᠠ ᠬᠢᠵᠢᠭ ᠤᠨ ᠪᠠᠶᠢᠴᠠᠭᠠᠯᠲᠠ᠂ ᠡᠷᠡᠭᠦᠯ ᠬᠠᠮᠠᠭᠠᠯᠠᠯ᠂ | ᠰᠣᠨᠢᠨ ᠮᠡᠳᠡᠭᠡ ᠵᠡᠷᠭᠡ ᠬᠦᠷᠢᠶ᠎ᠡ ᠴᠠᠷᠠᠭ᠎ᠠ ᠶᠢ ᠬᠠᠮᠤᠷᠴᠠᠢ᠃ | ᠬᠤᠶᠠᠷ ᠲᠠᠯ᠎ᠠ ᠪᠠᠷ ᠢᠶᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠺᠠᠮᠪᠤᠵᠠ ᠸᠠᠩᠲᠤ ᠤᠯᠤᠰ ᠤᠨ ᠰᠢᠨ᠎ᠡ ᠴᠠᠭ ᠦᠶ᠎ᠡ ᠶᠢᠨ | ᠥᠨᠢᠳᠡ ᠶᠢᠨ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠪᠦᠭᠦ ᠪᠥᠮᠪᠥᠷᠴᠡᠭ ᠤᠨ ᠭᠤᠷᠪᠠᠨ ᠶᠡᠭᠡ ᠰᠠᠨᠠᠭᠠᠴᠢᠯᠠᠭ᠎ᠠ ᠶᠢ | ᠨᠠᠶᠢᠳᠠᠪᠤᠷᠢᠵᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠲᠡᠯᠡᠪᠡ᠃ | ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠣᠷᠣᠯᠴᠠᠵᠠᠢ᠃ | | |