4 ᠰᠠᠷ᠎ᠠ ᠶᠢᠨ 16 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ | ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2025 ᠣᠨ ᠤ ᠳᠥᠷᠪᠡᠳᠦᠭᠡᠷ ᠤᠳᠠᠭᠠᠨ ᠤ ᠬᠠᠮᠲᠤ ᠶᠢᠨ | ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠠᠮᠤᠷᠪᠠᠲᠤ ᠬᠤᠷᠠᠯ ᠢ ᠡᠷᠭᠢᠯᠡᠪᠡ᠃ ᠬᠤᠷᠠᠯ ᠠᠴᠠ ᠶᠡᠷᠦᠩᠬᠡᠢ ᠱᠦᠵᠢ ᠰᠢ ᠶᠢᠨ | ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠳᠡᠭᠡᠳᠦ ᠱᠠᠲᠤᠨ ᠤ ᠬᠤᠯᠪᠣᠭᠳᠠᠯ ᠪᠦᠬᠦᠢ ᠬᠤᠷᠠᠯ᠂ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠤᠯᠤᠰ | ᠲᠦᠷᠦ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢᠨ | ᠪᠠᠲᠤᠯᠠᠭ᠎ᠠ ᠶᠢ ᠲᠠᠰᠤᠷᠠᠯᠳᠡ ᠦᠭᠡᠢ ᠪᠠᠲᠤᠳᠬᠠᠬᠤ ᠬᠡᠷᠡᠭᠲᠡᠢ︔ ᠰᠠᠬᠢᠯᠭ᠎ᠠ ᠪᠠᠲᠤ ᠣᠪᠣᠷ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠨᠠᠷᠢᠨ ᠬᠢᠨᠠᠮᠠᠭᠠᠢ ᠥᠷᠨᠢᠭᠦᠯᠵᠦ᠂ | ᠬᠠᠷᠢᠭᠤᠴᠠᠯᠭ᠎ᠠ ᠡᠭᠦᠷᠭᠡᠯᠡᠨ ᠵᠢᠳᠬᠦᠯ ᠭᠠᠷᠭᠠᠬᠤ ᠶᠢ ᠦᠨᠡᠨᠬᠦ ᠴᠢᠩᠭᠠᠳᠬᠠᠵᠤ᠂ ᠴᠢᠳᠠᠪᠤᠷᠢ ᠶᠢᠨ ᠳᠡᠭᠡᠭᠰᠢᠯᠡᠯᠲᠡ ᠶᠢ ᠰᠢᠨ᠎ᠡ ᠴᠠᠭ ᠦᠶ᠎ᠡ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠡᠭᠡᠷ᠎ᠡ ᠢᠯᠡᠷᠡᠭᠦᠯᠬᠦ ᠬᠡᠷᠡᠭᠲᠡᠢ᠃ | ᠬᠤᠷᠠᠯ ᠠᠴᠠ ᠪᠠᠰᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠭᠤᠯᠤᠯᠭ᠎ᠠ ᠶᠢᠨ︽ᠬᠡᠪ ᠴᠢᠨᠠᠷ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠢᠯᠡᠴᠢᠯᠡᠭᠡᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠢᠷᠢ ᠲᠦᠪᠰᠢᠨ ᠢ ᠳᠡᠭᠡᠭᠰᠢᠯᠡᠭᠦᠯᠬᠦ︾ | ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ᠢ ᠬᠢᠨᠠᠨ ᠵᠥᠪᠯᠡᠵᠦ᠂ ᠪᠤᠰᠤᠳ ᠶᠠᠪᠤᠳᠠᠯ ᠤᠳ ᠢ ᠰᠤᠳᠤᠯᠵᠠᠢ᠃ |