ᠭᠤᠷᠪᠠᠨ ᠰᠠᠶᠢᠬᠠᠨ ᠨᠡᠭᠦᠳᠡᠯ ᠮᠠᠯᠵᠢᠯ ᠤᠨ ᠨᠡᠭᠦᠳᠡᠯ ᠠᠵᠢᠯᠯᠠᠭ᠎ᠠ ᠶᠢᠨ ᠲᠤᠰᠬᠠᠢ ᠰᠡᠳᠦᠪᠲᠦ ᠲᠣᠬᠢᠷᠠᠭᠤᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/18
          4 ᠰᠠᠷ᠎ᠠ ᠶᠢᠨ 17 ᠤ ᠡᠳᠦᠷ᠂ ᠭᠤᠷᠪᠠᠨ ᠰᠠᠶᠢᠬᠠᠨ ᠨᠡᠭᠦᠳᠡᠯ ᠮᠠᠯᠵᠢᠯ ᠤᠨ ᠨᠡᠭᠦᠳᠡᠯ ᠠᠵᠢᠯᠯᠠᠭ᠎ᠠ ᠶᠢᠨ ᠲᠤᠰᠬᠠᠢ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠭᠦᠸᠧ ᠬᠠᠨ ᠶᠤᠸᠠᠢ ᠬᠤᠷᠠᠯ ᠳᠤ ᠣᠷᠣᠯᠴᠠᠵᠤ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠭᠤᠸᠠᠨ ᠴᠠᠩ ᠷᠦᠩ ᠬᠤᠷᠠᠯ ᠢ ᠡᠷᠭᠢᠯᠡᠪᠡ᠃          ᠬᠤᠷᠠᠯ ᠠᠴᠠ ᠭᠤᠷᠪᠠᠨ ᠰᠠᠶᠢᠬᠠᠨ ᠨᠡᠭᠦᠳᠡᠯ ᠮᠠᠯᠵᠢᠯ ᠨᠡᠭᠦᠳᠡᠯ ᠠᠵᠢᠯᠯᠠᠭ᠎ᠠ ᠶᠢᠨ ᠬᠠᠮᠢᠶ᠎ᠠ ᠪᠦᠬᠦᠢ ᠠᠵᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃          ᠦ᠋ ᠰᠢᠤᠸᠠᠢ ᠶᠦᠩ ᠴᠢᠬᠤᠯᠠᠴᠢᠯᠠᠭᠰᠠᠨ ᠨᠢ᠂ ᠭᠤᠷᠪᠠᠨ ᠰᠠᠶᠢᠬᠠᠨ ᠨᠡᠭᠦᠳᠡᠯ ᠮᠠᠯᠵᠢᠯ ᠤᠨ ᠲᠠᠯᠠᠪᠠᠢ ᠰᠢᠯᠵᠢᠬᠦ ᠡᠬᠢᠯᠡᠯᠲᠡ ᠶᠢᠨ ᠶᠣᠰᠣᠯᠠᠯ ᠪᠣᠯ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠰᠢᠨ᠎ᠡ ᠪᠠᠷᠭᠤ ᠵᠡᠭᠦᠨ ᠬᠤᠰᠢᠭᠤᠨ ᠳᠤ ᠲᠤᠰᠢᠶᠠᠭᠰᠠᠨ ᠴᠢᠬᠤᠯᠠ ᠡᠭᠦᠷᠭᠡ ᠪᠣᠯᠣᠨ᠎ᠠ᠂ ᠬᠤᠯᠪᠣᠭᠳᠠᠯ ᠪᠦᠬᠦᠢ ᠰᠤᠮᠤ ᠪᠠᠯᠭᠠᠰᠤ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠᠶᠢᠳᠠᠯ ᠢ ᠲᠣᠳᠣᠷᠬᠠᠢ ᠲᠠᠨᠢᠵᠤ᠂ ᠬᠠᠷᠢᠭᠤᠴᠠᠯᠭᠠᠲᠤ ᠰᠡᠳᠬᠢᠯᠭᠡ᠂ ᠪᠠᠴᠢᠮ ᠲᠤᠯᠭᠠᠮ᠎ᠠ ᠰᠡᠳᠬᠢᠯᠭᠡ ᠪᠠᠨ ᠤᠯᠠᠮ ᠴᠢᠩᠭᠠᠳᠬᠠᠵᠤ᠂ ᠦᠳᠲᠡᠷ ᠲᠦᠷᠭᠡᠨ ᠬᠥᠳᠡᠯᠦᠯᠴᠡᠵᠦ᠂ ᠲᠤᠰ ᠲᠤᠰ ᠤᠨ ᠡᠭᠦᠷᠭᠡ ᠲᠤᠰᠢᠶᠠᠯ ᠪᠠ ᠬᠠᠷᠢᠭᠤᠴᠠᠯᠭ᠎ᠠ ᠪᠠᠨ ᠭᠦᠢᠴᠡᠳᠬᠡᠵᠦ᠂ ᠪᠦᠬᠦ ᠬᠦᠴᠦᠨ ᠢᠶᠠᠷ ᠢᠶᠠᠨ ᠡᠭᠦᠷᠭᠡ ᠪᠠᠨ ᠲᠣᠭᠲᠠᠭᠰᠠᠨ ᠴᠠᠭ ᠲᠠᠭᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠬᠠᠮᠵᠢᠯᠴᠠᠬᠤ ᠲᠣᠭᠲᠠᠴᠠ ᠶᠢ ᠪᠦᠷᠢᠨᠰᠢᠭᠦᠯᠵᠦ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠡᠵᠡᠮᠳᠡᠵᠦ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠴᠢᠬᠤᠯᠠ ᠵᠠᠮ ᠱᠤᠭᠤᠮ ᠢ ᠲᠣᠬᠢᠷᠠᠭᠤᠯᠬᠤ᠂ ᠤᠬᠠᠭᠤᠯᠭ᠎ᠠ ᠶᠢᠨ ᠣᠷᠴᠢᠨ ᠨᠥᠬᠦᠴᠡᠯ ᠢ ᠪᠤᠢ ᠪᠣᠯᠭᠠᠬᠤ ᠵᠡᠷᠭᠡ ᠡᠯ᠎ᠡ ᠵᠦᠢᠯ ᠤᠨ ᠪᠡᠯᠡᠳᠬᠡᠯ ᠠᠵᠢᠯ ᠢ ᠥᠨᠳᠥᠷ ᠲᠦᠪᠰᠢᠨ ᠢᠶᠠᠷ ᠴᠢᠨᠠᠷ ᠰᠠᠶᠢᠲᠠᠢ ᠠᠬᠢᠭᠤᠯᠵᠤ᠂ ᠥᠴᠥᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠨᠠᠷᠢᠯᠢᠭᠵᠢᠭᠤᠯᠬᠤ ᠲᠥᠰᠥᠯ ᠢ ᠲᠡᠭᠦᠯᠳᠡᠷᠵᠢᠭᠦᠯᠵᠦ᠂ ᠡᠯ᠎ᠡ ᠲᠦᠷᠦᠯ ᠤᠨ ᠠᠵᠢᠯ ᠢ ᠤᠷᠤᠭᠰᠢ ᠠᠬᠢᠭᠤᠯᠵᠤ᠂ ᠨᠢᠭᠲᠠ ᠠᠴᠠ ᠨᠢᠭᠲᠠ ᠬᠢᠬᠦ ᠪᠠᠷ ᠴᠢᠷᠮᠠᠶᠢᠵᠤ᠂ ᠠᠵᠢᠯᠯᠠᠭ᠎ᠠ ᠶᠢᠨ ᠭᠤᠭᠴᠤᠭ᠎ᠠ ᠨᠢᠭᠡᠪᠦᠷᠢ ᠶᠢ ᠥᠨᠳᠥᠷ ᠪᠠᠷᠢᠮᠵᠢᠶ᠎ᠠ ᠳᠤ ᠬᠦᠷᠭᠡᠵᠦ᠂ ᠬᠠᠮᠤᠭ ᠤᠨ ᠰᠠᠶᠢᠨ ᠪᠠᠶᠢᠳᠠᠯ ᠲᠠᠢ ᠪᠣᠯᠭᠠᠬᠤ ᠶᠢ ᠪᠠᠲᠤᠯᠠᠵᠤ᠂ ᠲᠤᠰ ᠤᠳᠠᠭ᠎ᠠ ᠶᠢᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠬᠦ ᠬᠡᠷᠡᠭᠲᠡᠢ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ