ᠨᠢᠰᠬᠡᠯ ᠤᠨ ᠪᠢᠯᠧᠲ ᠤᠨ ᠦᠨ᠎ᠡ ᠶᠡᠭᠡ ᠪᠠᠷ ᠬᠢᠮᠳᠠᠷᠠᠪᠠ︕ ᠲᠠᠨ ᠤ ᠤᠴᠢᠬᠤ ᠬᠡᠰᠡᠨ ᠭᠠᠵᠠᠷ ᠴᠢᠨᠢ ᠪᠠᠶᠢᠨ᠎ᠠ ᠦᠦ︖
ᠨᠡᠶᠢᠲᠡᠯᠡᠭᠰᠡᠨ ᠴᠠᠭ᠄
2025/4/21
          ᠵᠧᠵᠢᠶᠠᠩ ᠤᠨ ᠬᠠᠩᠵᠧᠦ ᠳᠤ᠂ ᠰᠤᠷᠪᠤᠯᠵᠢᠯᠠᠭᠴᠢ ᠪᠠᠶᠢᠴᠠᠭᠠᠨ ᠯᠠᠪᠯᠠᠬᠤ ᠪᠠᠷ ᠲᠠᠮᠵᠢᠨ᠂ ︽5.1︾᠎ ᠤ ᠠᠮᠠᠷᠠᠯᠲᠠ ᠠᠴᠠ ᠡᠮᠦᠨ᠎ᠡ ᠬᠠᠩᠵᠧᠦ ᠠᠴᠠ ᠨᠢᠰᠬᠦ ᠤᠯᠤᠰ ᠤᠨ ᠳᠣᠲᠣᠭᠠᠳᠤ ᠶᠢᠨ ᠣᠯᠠᠨ ᠠᠭᠠᠷ ᠤᠨ ᠠᠶᠠᠯᠠᠯ ᠤᠨ ᠨᠢᠰᠬᠡᠯ ᠤᠨ ᠪᠢᠯᠧᠲ ᠤᠨ ᠦᠨ᠎ᠡ ᠬᠢᠮᠳᠠᠷᠠᠵᠦ᠂ ᠬᠠᠮᠤᠭ ᠤᠨ ᠥᠨᠳᠥᠷ ᠲᠡᠭᠡᠨ 60 % ᠭᠠᠷᠤᠢ ᠪᠠᠷ ᠬᠢᠮᠳᠠᠷᠠᠬᠰᠠᠨ ᠢ ᠤᠯᠵᠤ ᠮᠡᠳᠡᠵᠡᠢ᠂ ᠡᠨᠡ ᠨᠢ ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠵᠢᠭᠤᠯᠴᠢᠯᠠᠬᠤ ᠳᠤ ᠲᠤᠬᠢᠷᠠᠮᠵᠢᠳᠠᠢ᠃          ᠰᠤᠷᠪᠤᠯᠵᠢᠯᠠᠭᠴᠢ ᠨᠢᠭᠡᠨ ᠰᠦᠯᠵᠢᠶᠡᠨ ᠳᠡᠭᠡᠷ᠎ᠡ ᠪᠢᠯᠧᠲ ᠬᠤᠳᠠᠯᠳᠤᠨ ᠠᠪᠬᠤ ᠲᠠᠪᠴᠠᠩ ᠠᠴᠠ ᠣᠯᠵᠤ ᠮᠡᠳᠡᠭᠰᠡᠨ ᠢᠶᠠᠷ᠂ ︽5.1︾᠎ ᠤ ᠠᠮᠠᠷᠠᠯᠲᠠ ᠠᠴᠠ ᠡᠮᠦᠨ᠎ᠡ᠂ ᠬᠠᠩᠵᠧᠦ ᠠᠴᠠ ᠤᠯᠤᠰ ᠤᠨ ᠳᠣᠲᠣᠭᠠᠳᠤ ᠶᠢᠨ ᠣᠯᠠᠨ ᠭᠠᠵᠠᠷ ᠲᠤ ᠨᠢᠰᠬᠦ ᠨᠢᠰᠬᠡᠯ ᠤᠨ ᠪᠢᠯᠧᠲ ᠤᠨ ᠬᠠᠮᠤᠭ ᠬᠢᠮᠳᠠ ᠦᠨ᠎ᠡ ᠨᠢ ᠨᠡᠶᠢᠳᠡᠮ ᠳᠡᠭᠡᠨ ᠤᠤᠯ ᠤᠨ ᠪᠢᠯᠧᠲ ᠤᠨ ᠦᠨ᠎ᠡ ᠶᠢᠨ 2 ᠨᠤᠭᠤᠯᠤᠭ᠎ᠠ ᠪᠠᠶᠢᠵᠤ᠂ ᠪᠡᠭᠡᠵᠢᠩ ᠵᠦᠭ ᠨᠢᠰᠬᠦ ᠨᠢᠰᠬᠡᠯ ᠤᠨ ᠪᠢᠯᠧᠲ ᠤᠨ ᠦᠨ᠎ᠡ ᠨᠢ 500 ᠲᠥᠭᠦᠷᠢᠭ ᠲᠤ ᠬᠦᠷᠬᠦ ᠦᠭᠡᠶ ᠪᠠᠶᠢᠪᠠ︔ ᠭᠤᠸᠠᠩᠵᠧᠦ ᠵᠦᠭ ᠨᠢᠰᠬᠦ ᠳᠠᠩ ᠠᠶᠠᠯᠠᠯ ᠤᠨ ᠭᠠᠶᠢᠯᠢ ᠰᠦᠢᠳᠬᠡᠯ ᠢ ᠪᠠᠭᠲᠠᠭᠠᠭᠰᠠᠨ ᠤ ᠳᠠᠷᠠᠭᠠᠬᠢ ᠪᠢᠯᠧᠲ ᠤᠨ ᠬᠠᠮᠤᠭ ᠬᠢᠮᠳᠡ ᠦᠨ᠎ᠡ ᠨᠢ ᠴᠤ 500 ᠲᠥᠭᠦᠷᠢᠭ ᠣᠷᠴᠢᠮ ᠪᠠᠶᠢᠪᠠ᠃          ᠣᠶᠢᠯᠠᠭᠠᠭᠰᠠᠨ ᠢᠶᠠᠷ᠂ ᠬᠠᠩᠵᠧᠦ ᠠᠴᠠ ᠣᠯᠠᠨ ᠭᠠᠵᠠᠷ ᠲᠤ ᠨᠢᠰᠬᠦ ᠨᠢᠰᠬᠡᠯ ᠤᠨ ᠪᠢᠯᠧᠲ ᠤᠨ ᠦᠨ᠎ᠡ 60 % ᠭᠠᠷᠤᠢ ᠪᠠᠷ ᠬᠢᠮᠳᠠᠷᠠᠵᠠᠢ᠃ ᠠᠵᠢᠯ ᠲᠥᠷᠥᠯ ᠤᠨ ᠬᠥᠮᠦᠰ ᠤᠨ ᠵᠠᠳᠠᠯᠬᠤ ᠳᠠᠭᠠᠨ᠂ ᠣᠳᠣᠬᠠᠨ ᠳᠤ ᠬᠠᠪᠤᠷ ᠤᠨ ᠤᠯᠠᠷᠢᠯ ᠤᠨ ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠭᠠᠳᠠᠭᠰᠢ ᠭᠠᠷᠬᠤ ᠬᠠᠮᠤᠭ ᠤᠨ ᠰᠠᠶᠢᠨ ᠴᠠᠭ ᠬᠤᠭᠤᠴᠠᠭ᠎ᠠ ᠪᠣᠯᠤᠨ᠎ᠠ᠂ ᠬᠤᠳᠠᠯᠳᠤᠭᠠᠨ ᠤ ᠶᠠᠪᠤᠳᠠᠯ ᠤᠨ ᠭᠠᠳᠠᠭᠰᠢ ᠭᠠᠷᠬᠤ ᠬᠡᠷᠡᠭᠴᠡᠭᠡ ᠬᠠᠷᠢᠴᠠᠩᠭᠤᠶ ᠪᠠᠷ ᠨᠠᠮᠳᠠᠬᠰᠠᠨ ᠤ ᠳᠡᠭᠡᠷ᠎ᠡ ᠠᠭᠠᠷ ᠤᠨ ᠠᠶᠠᠯᠠᠯ ᠤᠨ ᠵᠤᠷᠭᠠᠨ ᠤ ᠲᠡᠭᠡᠭᠡᠪᠦᠷᠢ ᠶᠢᠨ ᠬᠦᠴᠦᠨ ᠢ ᠲᠥᠪᠯᠡᠷᠡᠭᠦᠯᠦᠨ ᠲᠠᠯᠪᠢᠭᠰᠠᠨ ᠢᠶᠠᠷ ᠣᠯᠠᠨ ᠲᠠᠯ᠎ᠠ ᠶᠢᠨ ᠬᠦᠴᠦᠨ ᠵᠤᠶᠢᠯ ᠳᠠᠪᠬᠤᠴᠠᠭᠰᠠᠨ ᠠᠴᠠ ᠪᠣᠯᠵᠣ ᠦᠨ᠎ᠡ ᠬᠠᠩᠰᠢ ᠬᠠᠷᠢᠴᠠᠩᠭᠤᠶ ᠪᠠᠷ ᠨᠡᠯᠢᠶᠡᠳ ᠬᠠᠷᠠᠭᠠᠯᠵᠠᠯ ᠲᠠᠢ ᠪᠣᠯᠵᠠᠶ᠃ ︽5.1︾᠎ ᠤ ᠠᠮᠠᠷᠠᠯᠲᠠ ᠶᠢᠨ ᠬᠤᠭᠤᠴᠠᠭ᠎ᠠ ᠣᠶᠢᠷᠠᠳᠬᠤ ᠶᠢ ᠳᠠᠭᠠᠯᠳᠤᠨ ᠨᠢᠰᠬᠡᠯ ᠤᠨ ᠪᠢᠯᠧᠲ ᠤᠨ ᠦᠨ᠎ᠡ ᠢᠯᠡᠳᠲᠡ ᠳᠡᠭᠡᠭᠰᠢᠯᠡᠬᠦ ᠪᠣᠯᠤᠨ᠎ᠠ ᠭᠡᠵᠦ ᠵᠢᠭᠠᠵᠤ ᠭᠠᠷᠭᠠᠪᠠ᠃          ᠨᠢᠭᠡᠨ ᠠᠭᠠᠷ ᠤᠨ ᠠᠶᠠᠯᠠᠯ ᠤᠨ ᠺᠣᠮᠫᠠᠨᠢ ᠶᠢᠨ ᠭᠠᠵᠠᠷ ᠳᠡᠭᠡᠷᠡᠬᠢ ᠤᠶᠢᠯᠡᠴᠢᠯᠡᠭᠡᠨ ᠤ ᠬᠡᠯᠲᠡᠰ ᠤᠨ ᠠᠵᠢᠯᠲᠠᠨ ᠱᠤᠤ ᠯᠠᠨ ᠴᠢᠶᠠᠨ᠄ 4 ᠰᠠᠷ᠎ᠠ ᠶᠢᠨ 30᠎ ᠤ ᠡᠳᠦᠷ᠂ 5 ᠰᠠᠷ᠎ᠠ ᠶᠢᠨ 1᠎ ᠤ ᠡᠳᠦᠷ ᠪᠣᠯ ᠭᠠᠳᠠᠭᠰᠢ ᠭᠠᠷᠬᠤ ᠣᠷᠭᠢᠯ ᠤᠨ ᠬᠤᠭᠤᠴᠠᠭ᠎ᠠ ᠪᠤᠯᠤᠨ᠎ᠠ᠂ ᠵᠧᠵᠢᠶᠠᠩ ᠣᠷᠣᠨ ᠨᠢ ᠳᠤᠮᠳᠠᠳᠤ ᠪᠠᠭ᠎ᠠ ᠰᠤᠷᠭᠠᠭᠤᠯᠢ ᠶᠢᠨ ᠬᠠᠪᠤᠷ ᠤᠨ ᠠᠮᠠᠷᠠᠯᠲᠠ ᠳᠠᠪᠬᠤᠴᠠᠭᠰᠠᠨ ᠨᠥᠯᠥᠭᠡ ᠠᠴᠠ ᠪᠣᠯᠵᠣ᠂ ᠬᠠᠩᠵᠧᠦ ᠠᠴᠠ ᠨᠢᠰᠬᠦ 4 ᠰᠠᠷ᠎ᠠ ᠶᠢᠨ 27᠎ ᠤ ᠡᠳᠦᠷ ᠤᠨ ᠨᠢᠰᠭᠡᠯ ᠤᠨ ᠪᠢᠯᠧᠲ ᠤᠨ ᠦᠨ᠎ᠡ ᠢᠯᠡᠳᠲᠡ ᠳᠡᠭᠡᠭᠰᠢᠯᠡᠪᠡ᠃ ︽5.1︾᠎ ᠤ ᠠᠮᠠᠷᠠᠯᠲᠠ ᠶᠢᠨ ᠬᠤᠭᠤᠴᠠᠭᠠᠨ ᠤ ᠴᠠᠩᠱᠠ᠂ ᠴᠦᠩᠴᠢᠩ ᠵᠡᠷᠭᠡ ᠬᠠᠯᠠᠮᠰᠢᠯ ᠵᠢᠭᠤᠯᠴᠢᠯᠠᠯ ᠤᠨ ᠭᠠᠵᠠᠷ ᠤᠨ ᠬᠢᠨ ᠤ ᠬᠤᠳᠠᠯᠳᠤᠬᠰᠠᠨ ᠨᠢᠰᠭᠡᠯ ᠤᠨ ᠪᠢᠯᠧᠲ ᠳᠥᠷᠪᠡᠨ ᠬᠤᠪᠢ ᠶᠢ ᠡᠵᠡᠯᠡᠪᠠ᠂ ᠵᠢᠭᠤᠯᠴᠢᠯᠠᠬᠤ ᠪᠠᠷ ᠶᠠᠪᠤᠬᠤ ᠪᠠᠷ ᠪᠠᠶᠢᠭ᠎ᠠ ᠠᠶᠠᠨᠴᠢᠳ ᠲᠤ ᠤᠷᠢᠳᠴᠢᠯᠠᠨ ᠪᠢᠯᠧᠲ ᠬᠤᠳᠠᠯᠳᠤᠨ ᠠᠪᠬᠤ ᠶᠢ ᠰᠠᠨᠠᠭᠤᠯᠵᠤ ᠪᠠᠶᠢᠨ᠎ᠠ᠃
ᠢᠷᠡᠯᠲᠡ᠄ ᠠᠷᠠᠳ ᠤᠨ ᠰᠦᠯᠵᠢᠶ᠎ᠡ