ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/21
          ᠰᠢᠨᠬᠤᠸᠠ ᠬᠤᠷᠢᠶᠠᠨ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ 18᠎ ᠤ ᠡᠳᠦᠷ ᠤᠨ ᠴᠠᠬᠢᠯᠭᠠᠨ ᠮᠡᠳᠡᠭᠡ            ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 4 ᠳ᠋ᠦ᠋ᠭᠡᠷ ᠰᠠᠷ᠎ᠠ ᠶᠢᠨ 18᠎ ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ ᠠᠵᠢᠯ ᠣᠯᠭᠤᠯᠲᠠ ᠪᠠ ᠠᠵᠤ ᠠᠬᠤᠢ ᠶᠢ ᠲᠣᠭᠲᠠᠪᠤᠷᠢᠵᠢᠭᠤᠯᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠰᠤᠳᠤᠯᠵᠤ᠂ ︽3 · 15︾ ᠦᠳᠡᠰᠢᠯᠡᠭᠡ ᠪᠠᠷ ᠢᠯᠡᠴᠢᠯᠡᠭᠰᠡᠨ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ ᠠᠪᠤᠷᠠᠨ ᠲᠤᠰᠠᠯᠠᠬᠤ ᠬᠠᠤᠯᠢ ︵ᠡᠬᠡ ᠲᠥᠰᠥᠯ︶︾᠎ ᠶᠢ ᠶᠠᠷᠢᠯᠴᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠷᠭᠤᠮᠠᠯ ᠤᠨ ᠰᠢᠨ᠎ᠡ ᠦᠷ᠎ᠡ ᠡᠭᠦᠯᠳᠡᠷ ᠢ ᠬᠠᠮᠠᠭᠠᠯᠠᠬᠤ ᠳᠦᠷᠢᠮ ︵ᠵᠠᠰᠠᠪᠤᠷᠢ ᠣᠷᠣᠭᠤᠯᠤᠭᠰᠠᠨ ᠡᠬᠡ ᠲᠥᠰᠥᠯ︶︾᠎ ᠢ ᠬᠢᠨᠠᠨ ᠶᠠᠷᠢᠯᠴᠠᠵᠤ ᠪᠠᠲᠤᠯᠠᠪᠠ᠃      ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠭᠠᠳᠠᠭᠠᠳᠤ ᠣᠷᠴᠢᠨ ᠳᠤ ᠬᠠᠨᠳᠤᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠎ ᠳᠤ ᠲᠣᠳᠣᠷᠬᠠᠶᠢᠯᠠᠭᠰᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠦᠴᠦᠯᠡᠨ ᠨᠠᠶᠢᠳᠠᠪᠤᠷᠢᠵᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠲᠣᠭᠲᠠᠭᠠᠨ᠂ ᠰᠥᠷᠭᠡᠦ ᠦᠶᠡᠯᠡᠯ ᠤᠨ ᠲᠣᠬᠢᠷᠠᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠠᠵᠢᠯ ᠣᠯᠭᠤᠯᠲᠠ ᠪᠠ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠪᠠᠷ ᠬᠦᠴᠦᠯᠡᠨ ᠴᠢᠷᠮᠠᠶᠢᠵᠤ᠂ ᠬᠡᠷᠡᠭᠯᠡᠭᠡ ᠶᠢ ᠠᠬᠢᠭᠤᠯᠤᠨ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠷ ᠬᠦᠴᠦᠯᠡᠨ ᠴᠢᠷᠮᠠᠶᠢᠵᠤ᠂ ᠪᠦᠲᠦᠴᠡ ᠶᠢ ᠰᠢᠯᠢᠳᠡᠭᠵᠢᠭᠦᠯᠦᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠬᠦᠴᠦᠯᠡᠨ ᠴᠢᠷᠮᠠᠶᠢᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠬᠦᠴᠦᠷᠬᠡᠭᠵᠢᠭᠦᠯᠦᠨ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠠᠵᠢᠯ ᠣᠯᠭᠤᠯᠲᠠ ᠶᠢ ᠢᠳᠡᠪᠬᠢᠲᠡᠢ ᠲᠣᠭᠲᠠᠪᠤᠷᠢᠵᠢᠭᠤᠯᠤᠨ᠂ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠯ ᠤᠨ ᠡᠷᠴᠢᠮ ᠢ ᠴᠢᠩᠭᠠᠷᠠᠭᠤᠯᠵᠤ᠂ ᠬᠥᠳᠡᠯᠮᠦᠷᠢ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠳᠡᠮᠵᠢᠯᠭᠡ ᠶᠢ ᠥᠷᠭᠡᠳᠬᠡᠵᠦ᠂ ᠠᠵᠢᠯ ᠣᠯᠭᠤᠯᠲᠠ ᠳᠤ ᠤᠯᠠᠨ ᠨᠡᠶᠢᠲᠡ ᠶᠢᠨ ᠦᠢᠯᠡᠴᠢᠯᠡᠭᠡ ᠶᠢ ᠴᠢᠩᠭᠠᠳᠬᠠᠬᠤ ᠬᠡᠷᠡᠭᠲᠡᠢ᠃ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠬᠥᠭᠵᠢᠯᠲᠡ ᠶᠢ ᠲᠣᠭᠲᠠᠪᠤᠷᠢᠵᠢᠭᠤᠯᠵᠤ᠂ ᠨᠢᠭᠡ ᠠᠵᠢᠯ ᠲᠦᠷᠦᠯ ᠳᠤ ᠨᠢᠭᠡ ᠠᠷᠭ᠎ᠠ ᠪᠣᠳᠣᠯᠭ᠎ᠠ᠂ ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠢᠯᠢ ᠶᠢᠨ ᠳᠣᠲᠣᠭᠠᠳᠤ ᠳᠤ ᠳᠠᠬᠢᠨᠲᠠ ᠪᠡᠯᠡ ᠣᠷᠣᠭᠤᠯᠬᠤ ᠶᠢ ᠳᠡᠮᠵᠢᠬᠦ ᠬᠡᠷᠡᠭᠲᠡᠢ᠃ ᠨᠠᠰᠤᠵᠢᠯ ᠤᠨ ᠠᠰᠠᠷᠠᠮᠵᠢ᠂ ᠦᠷᠡᠵᠢᠯ᠂ ᠰᠣᠶᠣᠯ᠂ ᠵᠢᠭᠤᠯᠴᠢᠯᠠᠯ ᠵᠡᠷᠭᠡ ᠦᠢᠯᠡᠴᠢᠯᠡᠭᠡᠨ ᠤ ᠬᠡᠷᠡᠭᠯᠡᠭᠡ ᠶᠢ ᠠᠬᠢᠭᠤᠯᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠵᠦ᠂ ᠠᠷᠠᠳ ᠤᠨ ᠳᠤᠮᠳᠠᠬᠢ ᠪᠡᠯᠡ ᠣᠷᠣᠭᠤᠯᠤᠯᠲᠠ ᠶᠢᠨ ᠢᠳᠡᠪᠬᠢᠵᠢᠯ ᠢ ᠶᠡᠭᠡ ᠪᠠᠷ ᠬᠥᠭᠵᠢᠭᠡᠬᠦ ᠬᠡᠷᠡᠭᠲᠡᠢ᠃ ᠰᠲ᠋ᠣᠺ ᠤᠨ ᠵᠠᠬ᠎ᠠ ᠳᠡᠯᠭᠡᠭᠦᠷ ᠢ ᠦᠷᠭᠦᠯᠵᠢᠯᠡᠨ ᠲᠣᠭᠲᠠᠪᠤᠷᠢᠵᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠡᠷᠡᠭᠦᠯ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠬᠡᠷᠡᠭᠵᠢᠭᠦᠯᠦᠮᠡᠭᠴᠡ ᠠᠵᠤ ᠠᠬᠤᠶᠢᠯᠠᠯ ᠪᠠ ᠤᠯᠠᠨ ᠲᠦᠮᠡᠨ ᠳᠤ ᠰᠢᠭᠤᠳ ᠠᠰᠢᠭ ᠬᠦᠷᠲᠡᠭᠡᠬᠦ ᠪᠣᠯᠭᠠᠵᠤ᠂ ᠨᠠᠶᠢᠳᠠᠪᠤᠷᠢᠵᠢᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠡᠷᠡᠭᠵᠢᠭᠦᠯᠬᠦ ᠦᠷ᠎ᠡ ᠪᠦᠲᠦᠮᠵᠢ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃      ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ︽3 · 15︾ ᠦᠳᠡᠰᠢᠯᠡᠭᠡ ᠪᠠᠷ ᠢᠯᠡᠴᠢᠯᠡᠭᠰᠡᠨ ᠠᠰᠠᠭᠤᠳᠠᠯ ᠢ ᠰᠢᠢᠳᠪᠦᠷᠢᠯᠡᠬᠦ ᠠᠵᠢᠯ ᠨᠢᠭᠡᠨᠲᠡ ᠱᠠᠲᠤᠴᠢ ᠴᠢᠨᠠᠷᠲᠠᠢ ᠠᠬᠢᠴᠠ ᠲᠠᠢ ᠪᠣᠯᠵᠠᠢ᠂ ᠨᠢᠭᠡ ᠠᠴᠠ ᠨᠥᠭᠦᠭᠡ ᠶᠢ ᠵᠦᠢᠴᠢᠯᠡᠬᠦ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠪᠠᠷᠢᠮᠲᠠᠯᠠᠨ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠤᠷᠢᠳᠴᠢᠯᠠᠨ ᠰᠡᠷᠭᠡᠶᠢᠯᠡᠬᠦ ᠠᠵᠢᠯ ᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠬᠠᠯᠠᠮᠰᠢᠯ ᠳᠤ ᠠᠩᠬᠠᠷᠤᠯ ᠢᠶᠠᠨ ᠲᠥᠪᠯᠡᠷᠡᠭᠦᠯᠦᠨ ᠶᠠᠰᠤ ᠴᠢᠨᠠᠷ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠦᠬᠦ ᠬᠡᠯᠬᠢᠶ᠎ᠡ ᠳᠠᠬᠢ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭ᠎ᠠ ᠪᠣᠳᠠᠲᠠᠶᠢᠵᠢᠭᠤᠯᠤᠨ ᠠᠳᠬᠤᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠢᠳᠬᠡᠵᠦ᠂ ᠠᠮᠤᠷ ᠲᠦᠪᠰᠢᠨ ᠮᠥᠷᠲᠡᠭᠡᠨ ᠰᠠᠨᠠᠭ᠎ᠠ ᠠᠮᠤᠷ ᠬᠡᠷᠡᠭᠯᠡᠭᠡ ᠶᠢᠨ ᠣᠷᠴᠢᠨ ᠨᠥᠬᠦᠴᠡᠯ ᠢ ᠪᠤᠶ ᠪᠣᠯᠭᠠᠬᠤ ᠬᠡᠷᠡᠭᠲᠡᠢ᠃ ᠦᠨᠳᠦᠰᠦᠨ ᠱᠠᠲᠤᠨ ᠤ ᠬᠢᠨᠠᠨ ᠬᠠᠮᠢᠶᠠᠷᠬᠤ ᠴᠢᠳᠠᠪᠤᠷᠢ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠬᠢᠨᠠᠨ ᠬᠠᠮᠢᠶᠠᠷᠬᠤ ᠬᠦᠴᠦᠨ ᠢᠶᠠᠨ ᠦᠨᠳᠦᠰᠦᠨ ᠱᠠᠲᠤ ᠲᠡᠶᠢᠰᠢ ᠪᠠᠭᠤᠯᠭᠠᠬᠤ ᠶᠢ ᠠᠬᠢᠭᠤᠯᠵᠤ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠬᠡᠷᠡᠭᠯᠡᠬᠦ ᠶᠢ ᠴᠢᠬᠤᠯᠠᠴᠢᠯᠠᠵᠤ᠂ ᠬᠢᠨᠠᠨ ᠬᠠᠮᠢᠶᠠᠷᠬᠤ ᠶᠢᠨ ᠤᠷᠢᠳᠴᠢᠯᠠᠨ ᠮᠡᠳᠡᠬᠦ ᠴᠢᠨᠠᠷ᠂ ᠣᠨᠣᠴᠠᠲᠠᠢ ᠴᠢᠨᠠᠷ ᠪᠠ ᠬᠤᠭᠤᠴᠠᠭᠠᠲᠤ ᠴᠢᠨᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠨᠡᠪᠲᠡ ᠬᠡᠯᠪᠡᠷᠢ ᠪᠦᠬᠦᠢ ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠶᠢ ᠰᠦᠪᠡᠭᠴᠢᠯᠡᠨ ᠪᠠᠶᠢᠭᠤᠯᠵᠤ᠂ ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠠᠬᠢᠭᠤᠯᠬᠤ ᠬᠡᠷᠡᠭᠲᠡᠢ ᠭᠡᠵᠡᠢ᠃      ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ