ᠰᠤᠷᠪᠤᠯᠵᠢᠯᠠᠭᠴᠢ 4 ᠰᠠᠷ᠎ᠠ ᠶᠢᠨ 21 ᠤ ᠡᠳᠦᠷ ᠣᠶᠢᠯᠠᠭᠠᠭᠰᠠᠨ ᠢᠶᠠᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ | ᠣᠶᠢᠷ᠎ᠠ ᠳᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠠᠯᠪᠠᠳᠠᠯᠭ᠎ᠠ ᠶᠢᠨ ᠴᠢᠨᠠᠷᠲᠠᠶ ᠤᠯᠤᠰ ᠤᠨ ᠪᠠᠷᠢᠮᠵᠢᠶ᠎ᠠ ᠪᠣᠯᠬᠤ ︽ᠴᠠᠬᠢᠯᠭᠠᠨ ᠬᠥᠳᠡᠯᠭᠡᠭᠦᠷᠲᠦ ᠳᠤᠭᠤᠶ | ᠲᠡᠷᠭᠡ ᠶᠢᠨ ᠠᠮᠤᠷ ᠲᠦᠪᠰᠢᠨ ᠤ ᠮᠡᠷᠭᠡᠵᠢᠯ ᠤᠨ ᠵᠢᠷᠤᠮᠵᠢᠯ︾ ᠤᠨ ᠰᠢᠯᠭᠠᠨ ᠪᠠᠶᠢᠴᠠᠭᠠᠬᠤ ᠴᠢᠳᠠᠪᠤᠷᠢ ᠶᠢᠨ ᠬᠢᠷᠢ ᠬᠡᠮ ᠲᠠᠢ ᠪᠣᠳᠠᠲᠠᠶ ᠪᠠᠶᠢᠭᠤᠯᠤᠮᠵᠢ ᠶᠢᠨ ᠨᠡᠷᠡᠰ ᠢ | ᠨᠡᠶᠢᠲᠡᠯᠡᠪᠡ᠃ ᠣᠳᠣᠬᠠᠨ ᠳᠤ ᠨᠢᠭᠡᠨᠲᠡ 6 ᠪᠠᠶᠢᠭᠤᠯᠤᠮᠵᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠤᠯᠤᠰ ᠤᠨ ᠰᠢᠨ᠎ᠡ ᠪᠠᠷᠢᠮᠵᠢᠶ᠎ᠡ ᠪᠠᠷ ᠰᠢᠯᠭᠠᠨ | ᠪᠠᠶᠢᠴᠠᠭᠠᠬᠤ ᠴᠢᠳᠠᠪᠤᠷᠢ ᠶᠢᠨ ᠬᠢᠷᠢ ᠬᠡᠮ ᠢ ᠤᠯᠪᠠ᠃ ᠤᠯᠤᠰ ᠤᠨ ᠰᠢᠨ᠎ᠡ ᠪᠠᠷᠢᠮᠵᠢᠶ᠎ᠠ ᠶᠢ 9 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠤᠨ᠎ᠡ᠂ ᠡᠨᠡᠬᠦ | ᠰᠢᠨ᠎ᠡ ᠪᠠᠷᠢᠮᠵᠢᠶ᠎ᠠ ᠨᠢ ᠪᠦᠬᠦᠯᠢ ᠲᠡᠷᠭᠡᠨ ᠤ ᠶᠠᠰᠤ ᠴᠢᠨᠠᠷ᠂ ᠴᠠᠬᠢᠯᠭᠠᠨ ᠬᠥᠳᠡᠯᠭᠡᠭᠦᠷ ᠤᠨ ᠴᠢᠳᠠᠮᠵᠢ ᠶᠢ ᠬᠢᠵᠠᠭᠠᠷᠯᠠᠬᠤ᠂ ᠭᠠᠯ ᠢ ᠰᠡᠷᠭᠡᠶᠢᠯᠡᠵᠦ ᠰᠢᠲᠠᠬᠤ ᠶᠢ | ᠬᠤᠷᠢᠭᠯᠠᠬᠤ᠂ ᠰᠦᠯᠢᠶᠣᠣ ᠶᠢᠨ ᠡᠵᠡᠯᠡᠬᠦ ᠬᠠᠷᠢᠴᠠᠯ᠂ ᠥᠭᠡᠷᠡᠲᠦᠭᠦᠯᠬᠦ ᠶᠢ ᠰᠡᠷᠭᠡᠶᠢᠯᠡᠬᠦ ᠵᠡᠷᠭᠡ ᠲᠠᠯ᠎ᠠ ᠪᠠᠷ ᠨᠡᠯᠢᠶᠡᠳ ᠶᠡᠭᠡ ᠲᠡᠭᠦᠯᠳᠡᠷᠵᠢᠭᠦᠯᠦᠯᠲᠡ ᠪᠠ | ᠳᠡᠭᠡᠭᠰᠢᠯᠡᠯᠲᠡ ᠲᠠᠢ ᠪᠣᠯᠭᠠᠵᠤ᠂ ᠤᠶᠢᠯᠡᠳᠬᠦᠨ ᠤ ᠮᠥᠨ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ | ᠣᠯᠠᠨ ᠳᠤ ᠨᠠᠩ ᠠᠮᠤᠷ ᠲᠦᠪᠰᠢᠨ᠂ ᠬᠡᠷᠡᠭᠯᠡᠬᠦ ᠳᠤ ᠨᠡᠩ ᠲᠦᠭᠦᠮ ᠶᠠᠪᠤᠵᠤ ᠰᠠᠭᠤᠬᠤ ᠪᠠᠭᠠᠵᠢ ᠶᠢ ᠬᠠᠩᠭᠠᠬᠤ ᠪᠣᠯᠤᠨ᠎ᠠ᠃ |