ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠠᠨ ᠢᠦᠢ ᠯᠦᠩ ᠵᠢᠪᠬᠤᠯᠠᠩᠲᠤ ᠰᠤᠮᠤᠨ ᠳᠤ ᠭᠦᠨᠵᠡᠭᠡᠶᠢᠷᠡᠨ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2025/4/22
          4 ᠰᠠᠷ᠎ᠠ ᠶᠢᠨ 18᠎ ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠭᠢᠯᠡᠭᠴᠢ ᠠᠨ ᠢᠦᠢ ᠯᠦᠩ ᠨᠠᠷ ᠵᠢᠪᠬᠤᠯᠠᠩᠲᠤ ᠰᠤᠮᠤᠨ ᠳᠤ ᠭᠦᠨᠵᠡᠭᠡᠶᠢᠷᠡᠨ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠂ ᠰᠤᠮᠤᠨ ᠤ ᠬᠤᠪᠢᠳᠠᠨ ᠬᠠᠮᠢᠶᠠᠷᠴᠤ ᠪᠤᠢ ᠤᠳᠤᠷᠢᠳᠤᠯᠭ᠎ᠠ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃          ᠠᠨ ᠢᠦᠢ ᠯᠦᠩ ᠨᠠᠷ ᠮᠠᠯᠵᠢᠬᠤ ᠡᠷᠦᠬᠡ ᠳᠤ ᠭᠦᠨᠵᠡᠭᠡᠶᠢᠷᠡᠵᠦ᠂ ᠮᠠᠯᠵᠢᠬᠤ ᠡᠷᠦᠬᠡ ᠶᠢᠨ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ᠂ ᠡᠪᠡᠰᠦ ᠪᠣᠷᠳᠤᠭ᠎ᠠ ᠶᠢᠨ ᠨᠦᠭᠡᠴᠡᠯᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠳᠤᠮᠳᠠᠬᠢ ᠬᠦᠴᠢᠷᠳᠡᠯ ᠢ ᠯᠠᠪᠯᠠᠨ ᠠᠰᠠᠭᠤᠪᠠ᠃ ᠳᠠᠷᠠᠭ᠎ᠠ ᠨᠢ᠂ ᠶᠠᠷᠢᠯᠴᠠᠬᠤ ᠬᠤᠷᠠᠯ ᠬᠤᠷᠠᠯᠳᠤᠭᠤᠯᠵᠤ᠂ ᠰᠤᠮᠤᠨ ᠤ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠵᠢᠯᠣᠭᠤᠳᠤᠯᠭ᠎ᠠ ᠶᠢᠨ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠴᠠᠢ᠃          ᠣᠳᠣᠬᠠᠨ ᠤ ᠠᠵᠢᠯ ᠢᠶᠠᠨ ᠰᠠᠶᠢᠲᠤᠷ ᠬᠢᠬᠦ ᠲᠤᠬᠠᠢ ᠠᠨ ᠢᠦᠢ ᠯᠦᠩ ᠴᠢᠬᠤᠯᠠᠴᠢᠯᠠᠬᠤ ᠳ᠋ᠠᠭᠠ᠂ ᠨᠢᠭᠡ ᠳᠤ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠤᠨ ᠡᠷᠴᠢᠮ ᠢ ᠴᠢᠩᠭᠠᠷᠠᠭᠤᠯᠵᠤ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠎ᠠ︔ᠬᠤᠶᠠᠷ ᠲᠤ ᠨᠤᠲᠤᠭ ᠪᠡᠯᠴᠢᠭᠡᠷ ᠢ ᠤᠷᠲᠤᠳᠬᠠᠨ ᠳᠠᠭᠠᠭᠠᠴᠢᠯᠠᠭᠤᠯᠬᠤ ᠶᠢᠨ ᠪᠠᠶᠢᠳᠠᠯ ᠢ ᠣᠶᠢᠯᠠᠭᠠᠨ ᠵᠢᠭᠰᠠᠭᠠᠨ ᠪᠠᠶᠢᠴᠠᠭᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠮᠡᠳᠡᠭᠡ ᠵᠠᠩᠭᠢ ᠶᠢᠨ ᠨᠠᠷᠢᠨ ᠪᠣᠳᠠᠲᠠᠢ ᠪᠠᠶᠢᠬᠤ ᠶᠢ ᠦᠨᠡᠨ ᠬᠦ ᠪᠠᠲᠤᠯᠠᠨ᠎ᠠ︔ ᠭᠤᠷᠪᠠ ᠳᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠴᠢᠩᠭ᠎ᠠ ᠠᠳᠬᠤᠵᠤ᠂ ᠠᠮᠤᠷ ᠲᠦᠪᠰᠢᠨ ᠤ ᠳᠠᠯᠳᠠ ᠬᠡᠮ ᠢ ᠲᠣᠭᠲᠠᠮᠠᠯ ᠬᠤᠭᠤᠴᠠᠭ᠎ᠠ ᠲᠠᠢ ᠪᠠᠷ ᠵᠢᠭᠰᠠᠭᠠᠨ ᠪᠠᠶᠢᠴᠠᠭᠠᠨ᠎ᠠ︔ ᠳᠥᠷᠪᠡ ᠳᠤ᠂ ᠠᠶᠤᠯᠭᠦᠢ ᠦᠢᠯᠡᠳᠪᠦᠷᠢᠯᠡᠯ ᠢ ᠰᠤᠯᠠᠷᠠᠭᠤᠯᠤᠯ ᠦᠭᠡᠢ ᠴᠢᠩᠭ᠎ᠠ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ᠃          ᠠᠨ ᠢᠦᠢ ᠯᠦᠩ ᠪᠠᠰᠠ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠤᠨ ᠠᠵᠢᠯ ᠢ ᠵᠢᠭᠠᠨ ᠵᠢᠯᠣᠭᠤᠳᠪᠠ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ