ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2025 ᠣᠨ ᠤ 5 ᠳ᠋ᠤᠭᠠᠷ ᠤᠳᠠᠭᠠᠨ ᠤ ᠬᠤᠷᠠᠯ ᠵᠢᠴᠢ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 5 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/22
          4 ᠰᠠᠷ᠎ᠠ ᠶᠢᠨ 21᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ᠂ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠦ᠋ ᠰᠢᠤᠸᠠᠢ ᠶᠦᠩ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ 5 ᠳ᠋ᠤᠭᠠᠷ ᠤᠳᠠᠭᠠᠨ ᠤ ᠬᠤᠷᠠᠯ ᠵᠢᠴᠢ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 5 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃         ᠬᠤᠷᠠᠯ ᠎ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ᠂ ᠳᠡᠭᠡᠳᠦ ᠱᠠᠲᠤᠨ ᠤ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔︽ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠭᠠᠳ ᠣᠯᠣᠭᠰᠠᠨ ᠢᠯᠡᠳᠲᠡ ᠦᠷ᠎ᠡ ᠪᠦᠲᠦᠮᠵᠢ ᠶᠢ ᠰᠢᠰᠲ᠋ᠧᠮ ᠲᠠᠢ ᠪᠠᠷ ᠳ᠋ᠦᠩᠨᠡᠬᠦ︾ ᠲᠣᠭᠤᠷᠢᠨ ᠳᠤ ᠰᠤᠳᠤᠯᠤᠨ ᠶᠠᠷᠢᠯᠴᠠᠵᠤ ᠰᠣᠯᠢᠯᠴᠠᠪᠠ᠃          ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ︽ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠬᠦ︾ᠳᠡᠭᠡᠷ᠎ᠡ ᠬᠦᠴᠦ ᠣᠷᠣᠭᠤᠯᠵᠤ᠂ ᠪᠣᠳᠠᠲᠠᠢ ᠠᠷᠭ᠎ᠠ ᠬᠡᠮᠵᠢᠶ᠎ᠡ ᠠᠪᠬᠤ ᠬᠡᠷᠡᠭᠲᠡᠢ᠃ ︽ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠳᠦᠷᠢᠮ︾᠎ ᠢ ᠣᠨᠣᠪᠴᠢᠲᠠᠢ ᠡᠵᠡᠮᠰᠢᠵᠦ᠂ ᠡᠯ᠎ᠡ ᠱᠠᠲᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠠᠭ ᠤᠨ ᠳᠠᠷᠠᠭᠠᠯᠠᠯ ᠠᠬᠢᠴᠠ ᠶᠣᠰᠣᠭᠠᠷ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠲᠣᠭᠤᠷᠢᠨ ᠪᠠᠶᠢᠴᠠᠭᠠᠯᠲᠠ ᠨᠢ ᠨᠠᠮ ᠪᠠ ᠤᠯᠤᠰ ᠤᠨ ᠬᠤᠷᠴᠠ ᠵᠡᠪᠰᠡᠭ ᠪᠣᠯᠤᠭᠰᠠᠨ ᠤ ᠬᠤᠪᠢ ᠳᠠᠬᠢ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠲᠣᠭᠤᠷᠢᠨ ᠪᠠᠶᠢᠴᠠᠭᠠᠯᠲᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠠᠮᠤᠭ ᠤᠨ ᠡᠷᠡᠰ ᠰᠢᠭᠤᠷᠬᠠᠢ ᠣᠪᠣᠷ᠂ ᠬᠠᠮᠤᠭ ᠤᠨ ᠬᠦᠴᠦᠲᠡᠢ ᠠᠷᠭ᠎ᠠ ᠬᠡᠮᠵᠢᠶ᠎ᠡ ᠪᠠᠷ ᠴᠡᠭᠴᠡᠯᠡᠨ ᠰᠠᠶᠢᠵᠢᠷᠠᠭᠤᠯᠬᠤ ᠡᠯ᠎ᠡ ᠵᠦᠢᠯ ᠤᠨ ᠪᠣᠳᠠᠲᠠᠢ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ᠴᠢᠩᠭ᠎ᠠ ᠦᠨᠳᠦᠰᠦᠨ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠬᠠᠭᠤᠴᠢᠨ ᠰᠤᠷᠲᠠᠯ ᠢᠶᠠᠨ ᠲᠦᠷᠦᠭᠦᠯᠡᠨ ᠬᠤᠪᠢᠷᠠᠭᠤᠯᠵᠤ᠂ ᠰᠢᠨ᠎ᠡ ᠰᠤᠷᠲᠠᠯ ᠢ ᠪᠤᠢ ᠪᠣᠯᠭᠠᠵᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠵᠤ᠂ ᠰᠢᠯᠢᠳᠡᠭ ᠨᠠᠮ ᠤᠨ ᠰᠤᠷᠲᠠᠯ ᠵᠠᠰᠠᠭ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠤᠨ ᠦᠷᠭᠦᠯᠵᠢᠯᠡᠨ ᠰᠠᠶᠢᠵᠢᠷᠠᠬᠤ ᠶᠢ ᠳᠠᠶᠢᠴᠢᠯᠠᠬᠤ ᠬᠡᠷᠡᠭᠲᠡᠢ᠃          ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠬᠢᠨᠠᠨ ᠵᠥᠪᠯᠡᠪᠡ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ