ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠯᠠᠭᠤ ᠺᠠᠳ᠋ᠷᠴᠤᠳ ᠤᠨ ᠤᠯᠤᠰ ᠲᠥᠷᠥ ᠶᠢᠨ ᠬᠠᠷᠢᠭᠤᠴᠠᠯᠭ᠎ᠠ ᠶᠢ ᠤᠯᠠᠮ | ᠨᠢᠭᠡ ᠠᠯᠬᠤᠮ ᠴᠢᠩᠭᠠᠳᠬᠠᠵᠤ᠂ ᠤᠯᠤᠰ ᠲᠥᠷᠥ ᠶᠢᠨ ᠣᠨᠣᠯ ᠤᠨ ᠪᠣᠯᠪᠠᠰᠤᠷᠠᠯ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠂ ᠵᠠᠯᠠᠭᠤ | ᠺᠠᠳ᠋ᠷᠴᠤᠳ ᠤᠨ ᠴᠢᠳᠠᠪᠤᠷᠢᠲᠠᠨ ᠪᠣᠯᠵᠤ ᠦᠰᠦᠨ ᠪᠣᠶᠢᠵᠢᠬᠤ ᠶᠢ ᠠᠬᠢᠭᠤᠯᠬᠤ ᠶᠢᠨ ᠲᠥᠯᠥᠭᠡ᠂ ᠡᠪ ᠬᠠᠮᠲᠤ ᠵᠠᠯᠠᠭᠤᠴᠤᠳ ᠤᠨ ᠡᠪᠯᠡᠯ ᠤᠨ ᠰᠢᠨ᠎ᠡ ᠪᠠᠷᠭᠤ ᠵᠡᠭᠦᠨ | ᠬᠤᠰᠢᠭᠤᠨ ᠤ ᠬᠤᠷᠢᠶ᠎ᠠ ᠶᠢᠨ ᠱᠠᠭᠠᠷᠳᠠᠯᠭ᠎ᠠ ᠶᠣᠰᠣᠭᠠᠷ᠂ ᠰᠢᠨ᠎ᠡ ᠪᠠᠷᠭᠤ ᠵᠡᠭᠦᠨ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠵᠠᠯᠠᠭᠤᠴᠤᠳ ᠤᠨ ᠣᠨᠣᠯ ᠰᠤᠷᠤᠯᠴᠠᠬᠤ ᠳᠤᠭᠤᠶᠢᠯᠠᠩ ᠢ ᠪᠠᠶᠢᠭᠤᠯᠪᠠ᠃ 4 ᠰᠠᠷ᠎ᠠ ᠶᠢᠨ 21 ᠤ ᠡᠳᠦᠷ᠂ ᠰᠢᠨ᠎ᠡ ᠪᠠᠷᠭᠤ ᠵᠡᠭᠦᠨ | ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠠᠯᠠᠭᠤᠴᠤᠳ ᠤᠨ ᠤᠨᠤᠯ ᠰᠤᠷᠤᠯᠴᠠᠬᠤ | ᠳᠤᠭᠤᠶᠢᠯᠠᠩ ᠤᠨ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠶᠢᠨ ᠬᠤᠷᠠᠯ ᠢ ᠵᠣᠬᠢᠶᠠᠨ | ᠪᠠᠶᠢᠭᠤᠯᠵᠤ ᠬᠤᠷᠠᠯᠳᠤᠭᠤᠯᠪᠠ᠃ | | | | | ᠬᠤᠷᠠᠯ ᠳᠡᠭᠡᠷ᠎ᠡ᠂ ᠵᠠᠯᠠᠭᠤ ᠺᠠᠳ᠋ᠷᠴᠤᠳ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠥᠭᠦᠯᠡᠯᠲᠡ ᠪᠣᠯᠣᠨ ᠲᠥᠪ ᠤᠨ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠲᠥᠪᠯᠡᠷᠡᠭᠦᠯᠦᠨ | ᠰᠤᠷᠤᠯᠴᠠᠵᠠᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠬᠥᠮᠥᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠨᠢ ᠠᠷᠠᠳ ᠤᠨ | ᠠᠮᠢᠳᠤᠷᠠᠯ ᠢ ᠪᠠᠲᠤᠯᠠᠬᠤ ᠴᠢᠬᠤᠯᠠ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠠᠵᠢᠯ ᠤᠨ ᠮᠥᠨ ᠴᠢᠨᠠᠷ ᠨᠢ ᠠᠷᠠᠳ ᠲᠦᠮᠡᠨ ᠳᠤ ᠦᠢᠯᠡᠴᠢᠯᠡᠬᠦ ᠳᠤ ᠪᠤᠢ᠂ ᠠᠵᠢᠯ | ᠣᠯᠭᠤᠬᠤ ᠦᠢᠯᠡᠰ ᠪᠣᠰᠬᠠᠬᠤ ᠵᠢᠯᠣᠭᠤᠳᠤᠯᠭ᠎ᠠ᠂ ᠨᠡᠶᠢᠭᠡᠮ ᠤᠨ ᠪᠠᠲᠤᠯᠠᠪᠤᠷᠢ ᠶᠢᠨ ᠬᠠᠮᠢᠶᠠᠷᠤᠯᠲᠠ᠂ ᠬᠥᠳᠡᠯᠮᠦᠷᠢ ᠶᠢᠨ ᠡᠷᠬᠡ ᠠᠰᠢᠭ ᠢ ᠬᠠᠮᠠᠭᠠᠯᠠᠬᠤ ᠵᠡᠷᠭᠡ ᠨᠢ ᠴᠥᠮ | ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠰᠢᠭᠤᠳ ᠬᠤᠯᠪᠣᠭᠳᠠᠨ᠎ᠠ᠃ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠶᠡᠷᠦᠩᠬᠡᠢ ᠱᠦᠵᠢ ᠰᠢ ᠶᠢᠨ ᠫᠢᠩ ᠤᠨ | ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠣᠯᠣᠨ ᠲᠥᠪ ᠤᠨ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ | ᠨᠠᠷᠢᠨ ᠳᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠬᠤ ᠪᠠᠷ ᠳᠠᠮᠵᠢᠭᠤᠯᠵᠤ᠂ ᠬᠥᠮᠥᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ | ᠪᠠᠲᠤᠯᠠᠭ᠎ᠠ ᠶᠢᠨ ᠵᠠᠯᠠᠭᠤ ᠺᠠᠳ᠋ᠷᠴᠤᠳ ᠤᠨ ᠲᠤᠬᠠᠶᠢᠯᠠᠭᠰᠠᠨ ᠠᠵᠢᠯ ᠤᠨ ᠲᠦᠪᠰᠢᠨ ᠪᠣᠯᠣᠨ ᠠᠵᠢᠯ ᠤᠨ ᠴᠢᠳᠠᠪᠤᠷᠢ ᠶᠢ ᠳᠠᠰᠤᠷᠠᠯᠳᠠ ᠦᠭᠡᠢ ᠳᠡᠭᠡᠭᠰᠢᠯᠡᠭᠦᠯᠵᠦ᠂ | ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠬᠦᠴᠦᠨ᠂ ᠵᠣᠬᠢᠶᠠᠨ ᠪᠠᠶᠢᠭᠤᠯᠬᠤ ᠬᠦᠴᠦᠨ ᠢ ᠦᠨᠡᠨᠬᠦ ᠴᠢᠩᠭᠠᠳᠬᠠᠬᠤ ᠬᠡᠷᠡᠭᠲᠡᠢ᠃ | | | | | | ᠬᠤᠷᠠᠯ ᠠᠴᠠ ᠴᠢᠬᠤᠯᠠᠴᠢᠯᠠᠭᠰᠠᠨ ᠨᠢ᠂ ᠵᠠᠯᠠᠭᠤᠴᠤᠳ ᠤᠨ ᠤᠨᠤᠯ ᠰᠤᠷᠤᠯᠴᠠᠬᠤ ᠳᠤᠭᠤᠶᠢᠯᠠᠩ ᠤᠯᠤᠰ ᠲᠦᠷᠦ ᠶᠢᠨ ᠤᠨᠤᠯ ᠤᠨ ᠰᠤᠷᠤᠯᠴᠠᠯᠭ᠎ᠠ ᠪᠠᠨ | ᠴᠢᠩᠭᠠᠳᠬᠠᠵᠤ᠂ ᠰᠤᠷᠤᠯᠴᠠᠯᠭ᠎ᠠ ᠶᠢᠨ ᠠᠵᠢᠯᠯᠠᠭ᠎ᠠ ᠳᠤ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠠᠮᠢᠳᠤᠯᠢᠭ ᠤᠯᠠᠨ ᠶᠠᠩᠵᠤ ᠶᠢᠨ ᠰᠤᠷᠤᠯᠴᠠᠬᠤ | ᠵᠠᠭᠪᠤᠷ ᠢ ᠬᠡᠷᠡᠭᠯᠡᠵᠦ᠂ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠴᠥᠬᠦᠷᠡᠰᠢ ᠦᠭᠡᠢ | ᠰᠠᠶᠢᠲᠤᠷ ᠠᠳᠬᠤᠵᠤ᠂ ᠠᠵᠢᠯ ᠤᠨ ᠰᠤᠷᠲᠠᠯ ᠢᠶᠠᠨ ᠲᠠᠰᠤᠷᠠᠯᠲᠠ ᠦᠭᠡᠢ ᠰᠠᠶᠢᠵᠢᠷᠠᠭᠤᠯᠵᠤ᠂ ᠠᠵᠢᠯ ᠤᠨ ᠲᠦᠪᠰᠢᠨ ᠢᠶᠠᠨ ᠳᠡᠭᠡᠭᠰᠢᠯᠡᠭᠦᠯᠵᠦ᠂ ᠬᠥᠮᠥᠨ ᠤ ᠬᠦᠴᠦᠨ ᠤ | ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃ | | |