ᠰᠢᠨ᠎ᠡ ᠪᠠᠷᠭᠤ ᠵᠡᠭᠦᠨ ᠬᠤᠰᠢᠭᠤᠨ ᠤ ᠤᠯᠠᠭᠠᠨᠮᠥ᠋ᠴᠢᠷ ᠤᠶᠠᠩᠭᠠᠲᠤ ᠰᠠᠶᠢᠬᠠᠨ ᠳᠠᠭᠤᠤ ᠪᠠᠷ ᠪᠠᠨ ᠳᠡᠯᠡᠬᠡᠢ ᠶᠢᠨ ᠨᠣᠮ ᠤᠩᠰᠢᠬᠤ ᠡᠳᠦᠷ ᠲᠤ ᠶᠣᠰᠣᠯᠠᠯ ᠪᠣᠯᠭᠠᠨ ᠳᠡᠪᠰᠢᠭᠦᠯᠪᠡ
ᠨᠡᠶᠢᠲᠡᠯᠡᠭᠰᠡᠨ ᠴᠠᠭ᠄
2025/4/23
          4 ᠰᠠᠷ᠎ᠠ ᠶᠢᠨ 23᠎ ᠤ ᠡᠳᠦᠷ ᠪᠣᠯ ᠭᠤᠴᠢᠳᠤᠭᠠᠷ ︽ᠳᠡᠯᠡᠬᠡᠢ ᠶᠢᠨ ᠨᠣᠮ ᠤᠩᠰᠢᠬᠤ ᠡᠳᠦᠷ︾ ᠪᠣᠯᠣᠨ᠎ᠠ᠂ ᠡᠨᠡ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ ᠤᠯᠠᠭᠠᠨᠮᠥ᠋ᠴᠢᠷ ᠤᠨ ᠭᠡᠰᠢᠭᠦᠳ ᠰᠡᠳᠬᠢᠯ ᠲᠠᠯᠪᠢᠨ ᠨᠠᠷᠢᠯᠢᠭ ᠪᠡᠯᠡᠳᠬᠡᠭᠰᠡᠨ ᠳᠠᠭᠤᠤ ᠬᠥᠭᠵᠢᠮ ᠤᠨ ᠳ᠋ᠢᠰᠺ ᠢᠶᠠᠨ ᠰᠢᠨ᠎ᠡ ᠪᠠᠷᠭᠤ ᠵᠡᠭᠦᠨ ᠬᠤᠰᠢᠭᠤᠨ ᠤ ᠨᠣᠮ ᠤᠨ ᠰᠠᠩ ᠳᠤ ᠦᠨ᠎ᠡ ᠲᠥᠯᠥᠪᠦᠷᠢ ᠦᠭᠡᠢ ᠪᠠᠷ ᠪᠡᠯᠡᠭᠯᠡᠵᠦ᠂ ᠨᠣᠮ ᠤᠨ ᠦᠨᠦᠷ ᠬᠠᠩᠬᠤᠯᠤᠭᠰᠠᠨ ᠠᠭᠤᠷ ᠠᠮᠢᠰᠬᠤᠯ ᠳᠤ ᠥᠪᠡᠷᠮᠢᠴᠡ ᠣᠨᠴᠠᠯᠢᠭ ᠲᠠᠢ ᠳᠠᠭᠤᠤ ᠬᠥᠭᠵᠢᠮ ᠤᠨ ᠠᠮᠢᠵᠢᠷᠠᠯ ᠤᠨ ᠬᠦᠴᠦᠨ ᠨᠡᠮᠡᠷᠢᠯᠡᠪᠡ᠃          ᠲᠣᠰ ᠤᠳᠠᠭ᠎ᠠ ᠲᠥᠯᠥᠪᠦᠷᠢ ᠦᠭᠡᠢ ᠪᠠᠷ ᠨᠡᠶᠢᠲᠡ 38 ᠬᠤᠪᠢ ᠬᠥᠮᠥᠨ ᠤ CD ᠲᠤᠰᠬᠠᠢ ᠡᠮᠬᠢᠳᠬᠡᠯ ᠢ ᠪᠡᠯᠡᠭᠯᠡᠵᠦ᠂ ᠪᠡᠯᠡᠭᠯᠡᠭᠰᠡᠨ ᠲᠤᠰᠬᠠᠢ ᠡᠮᠬᠢᠳᠬᠡᠯ ᠳᠤ ᠳᠠᠭᠤᠤ ᠬᠥᠭᠵᠢᠮ ᠪᠠ ᠮᠣᠷᠢᠨ ᠬᠤᠭᠤᠷ ᠤᠨ ᠡᠭᠡᠭᠰᠢᠭᠯᠡᠩ ᠪᠠᠭᠲᠠᠨ᠎ᠠ᠃ ᠤᠯᠠᠭᠠᠨᠮᠥ᠋ᠴᠢᠷ ︽ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠪᠣᠯᠤᠭᠰᠠᠨ ᠤ ᠬᠤᠪᠢ ᠳᠤ᠂ ᠤᠳᠬ᠎ᠠ ᠤᠷᠠᠯᠢᠭ ᠤᠨ ᠪᠦᠲᠦᠭᠡᠯ ᠢᠶᠠᠷ ᠢᠶᠠᠨ ᠢᠳᠡᠪᠬᠢ ᠬᠦᠴᠦᠨ ᠢ ᠳᠠᠮᠵᠢᠭᠤᠯᠵᠤ᠂ ᠦᠨᠳᠦᠰᠦᠲᠡᠨ ᠤ ᠰᠣᠶᠣᠯ ᠢ ᠪᠠᠳᠠᠷᠠᠭᠤᠯᠬᠤ ᠪᠠᠷ ᠴᠢᠷᠮᠠᠶᠢᠭᠰᠠᠭᠠᠷ ᠢᠷᠡᠵᠡᠶ᠃ ᠲᠣᠰ ᠤᠳᠠᠭᠠᠨ ᠤ ᠪᠡᠯᠡᠭᠯᠡᠭᠰᠡᠨ ᠳᠠᠭᠤᠤ ᠶᠢᠨ ᠳ᠋ᠢᠰᠺ ᠲᠤ ᠲᠠᠯ᠎ᠠ ᠨᠤᠲᠤᠭ ᠤᠨ ᠠᠷᠠᠳ ᠲᠦᠮᠡᠨ ᠤ ᠣᠷᠭᠢᠯᠤᠮ᠎ᠠ ᠬᠠᠯᠠᠭᠤᠨ ᠰᠡᠳᠬᠢᠯᠭᠡ ᠶᠢ ᠢᠯᠡᠷᠡᠭᠦᠯᠦᠭᠰᠡᠨ ᠦᠨᠳᠦᠰᠦᠲᠡᠨ ᠤ ᠳᠠᠭᠤᠤ ᠪᠠᠶᠢᠬᠤ ᠪᠥᠭᠡᠳ ᠴᠠᠭ ᠦᠶ᠎ᠡ ᠶᠢᠨ ᠬᠥᠭᠵᠢᠯᠲᠡ ᠶᠢ ᠮᠠᠭᠲᠠᠨ ᠳᠠᠭᠤᠯᠠᠭᠰᠠᠨ ᠤᠷᠠᠨ ᠪᠦᠲᠦᠭᠡᠯ ᠴᠦ ᠪᠣᠶ᠂ ᠳᠠᠭᠤᠤ ᠨᠢᠭᠡᠪᠦᠷᠢ ᠨᠢ ᠴᠥᠮ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠠ ᠮᠠᠭᠲᠠᠭᠠᠯ ᠰᠠᠶᠢᠰᠢᠶᠠᠯ ᠢᠶᠠᠷ ᠳᠦᠭᠦᠷᠡᠩ ᠪᠠᠶᠢᠳᠠᠭ᠃          ᠲᠣᠰ ᠤᠳᠠᠭᠠᠨ ᠤ ᠦᠨ᠎ᠡ ᠲᠥᠯᠥᠪᠦᠷᠢ ᠦᠭᠡᠢ ᠪᠠᠷ ᠪᠡᠯᠡᠭᠯᠡᠬᠦ ᠠᠵᠢᠯᠯᠠᠭ᠎ᠠ ᠪᠣᠯ ᠤᠯᠠᠭᠠᠨᠮᠥ᠋ᠴᠢᠷ ᠪᠣᠯᠣᠨ ᠨᠣᠮ ᠤᠨ ᠰᠠᠩ ᠤᠨ ᠰᠣᠶᠣᠯ ᠤᠨ ᠤᠯᠠᠮᠵᠢᠯᠠᠯ ᠤᠨ ᠬᠦᠷᠢᠶᠡᠨ ᠳᠠᠬᠢ ᠨᠢᠭᠡ ᠤᠳᠠᠭᠠᠨ ᠤ ᠰᠢᠨ᠎ᠡ ᠶᠢ ᠡᠭᠦᠳᠬᠦ ᠬᠠᠮᠲᠤᠷᠠᠯᠴᠠᠭ᠎ᠠ ᠪᠣᠯᠣᠨ᠎ᠠ᠂ ︽ᠳᠠᠭᠤᠤ︾᠎ ᠪᠠᠷ ᠵᠠᠭᠤᠴᠢ ᠪᠣᠯᠭᠠᠵᠤ᠂ ︽ᠨᠣᠮ︾᠎ ᠢᠶᠠᠷ ᠨᠥᠬᠦᠷᠯᠡᠨ ᠠᠭᠤᠯᠵᠠᠵᠤ᠂ ᠨᠣᠮ ᠤᠨ ᠦᠨᠦᠷ ᠪᠠ ᠬᠥᠭᠵᠢᠮ ᠤᠨ ᠠᠶᠠᠰ ᠢ ᠰᠣᠯᠪᠢᠴᠠᠭᠤᠯᠤᠨ᠂ ᠰᠣᠶᠣᠯ ᠤᠨ ᠴᠡᠴᠡᠭᠯᠡᠯᠲᠡ ᠶᠢᠨ ᠭᠤᠶᠢᠳᠠ ᠰᠠᠶᠢᠬᠠᠨ ᠠᠶᠠᠰ ᠢ ᠬᠠᠮᠲᠤ ᠪᠠᠷ ᠬᠠᠩᠭᠢᠨᠠᠭᠤᠯᠤᠨ᠎ᠠ︕
20250423-4-1.jpg
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ