ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠲᠤᠰᠬᠠᠢ ᠠᠵᠢᠯᠯᠠᠭᠠᠨ ᠤ | ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 2025 ᠣᠨ ᠤ 4 ᠰᠠᠷ᠎ᠠ ᠶᠢᠨ 23 ᠤ ᠡᠳᠦᠷ᠂ ᠬᠤᠰᠢᠭᠤᠨ ᠤ | ᠡᠳ᠋ ᠤᠨ ᠵᠠᠰᠠᠭ ᠤᠨ ᠲᠣᠪᠴᠢᠶ᠎ᠠ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠳᠤ ᠬᠦᠷᠴᠦ ᠲᠤᠰᠬᠠᠢ ᠪᠠᠶᠢᠴᠠᠭᠠᠯᠲᠠ ᠥᠷᠨᠢᠭᠦᠯᠪᠡ᠃ | ᠪᠠᠶᠢᠴᠠᠭᠠᠬᠤ ᠳᠤᠭᠤᠶᠢᠯᠠᠩ ᠡᠳ᠋ ᠤᠨ ᠶᠠᠪᠤᠳᠠᠯ ᠤᠨ ᠮᠠᠲ᠋ᠧᠷᠢᠶᠠᠯ ᠢ ᠬᠢᠨᠠᠨ ᠪᠠᠶᠢᠴᠠᠭᠠᠬᠤ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ | ᠳᠠᠮᠵᠢᠭᠤᠯᠤᠨ᠂ ᠬᠤᠰᠢᠭᠤᠨ ᠤ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ ᠪᠠ ᠠᠰᠠᠷᠠᠮᠵᠢ ᠶᠢᠨ ᠬᠦᠷᠢᠶᠡᠯᠡᠩ ᠤᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ᠂ | ᠲᠥᠰᠥᠪ ᠤᠨ ᠬᠡᠷᠡᠭᠵᠢᠭᠦᠯᠦᠯᠲᠡ᠂ ᠠᠵᠢᠯᠲᠠᠨ ᠤ ᠬᠠᠮᠢᠶᠠᠷᠤᠯᠲᠠ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠲᠤᠰᠬᠠᠢ ᠪᠡᠯᠡ ᠮᠥᠩᠭᠦ ᠶᠢᠨ ᠬᠠᠮᠢᠶᠠᠷᠤᠯᠲᠠ | ᠬᠡᠷᠡᠭᠯᠡᠯᠲᠡ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠪᠠ᠃ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠬᠤ | ᠳᠤᠭᠤᠶᠢᠯᠠᠩ ᠲᠤᠬᠠᠢ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠬᠤ ᠰᠠᠨᠠᠯ ᠪᠠ ᠠᠵᠢᠯ ᠤᠨ ᠰᠠᠨᠠᠭᠤᠯᠭ᠎ᠠ ᠳᠤᠷᠠᠳᠪᠠ᠃ | ᠲᠠᠷᠠᠭᠠᠴᠢ ᠶᠢᠨ ᠠᠯᠬᠤᠮ ᠳᠤ᠂ ᠰᠢᠨ᠎ᠡ ᠪᠠᠷᠭᠤ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠲᠣᠰ ᠤᠳᠠᠭᠠᠨ ᠤ ᠲᠤᠰᠬᠠᠢ | ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠪᠡᠯᠡ | ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠥᠬᠦ ᠬᠤᠰᠢᠭᠤᠨ ᠤ ᠠᠷᠠᠳ ᠤᠨ ᠶᠠᠪᠤᠳᠠᠯ ᠤᠨ ᠪᠡᠯᠡ ᠮᠥᠩᠭᠦ ᠶᠢᠨ | ᠬᠡᠷᠡᠭᠯᠡᠯᠲᠡ ᠶᠢᠨ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠥᠷᠭᠡᠨ ᠣᠯᠠᠨ ᠠᠷᠠᠳ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ | ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠪᠡ᠃ |