ᠠᠯᠪᠠᠨ ᠭᠡᠷᠡᠴᠢᠯᠡᠭᠡ ᠮᠡᠳᠡᠯᠭᠡ ᠶᠢᠨ ᠦᠮᠴᠢᠯᠡᠯ ᠤᠨ ᠡᠷᠬᠡ ᠶᠢᠨ ᠠᠶᠠᠯᠠᠯ ᠢ ᠬᠠᠮᠠᠭᠠᠯᠠᠨ  ᠥᠮᠴᠢᠯᠡᠬᠦ ᠡᠷᠬᠡ ᠶᠢᠨ ᠬᠠᠮᠠᠭᠠᠯᠠᠯᠲᠠ ᠳᠤ ᠵᠢᠷᠤᠮᠯᠠᠬᠤ ᠬᠠᠤᠯᠢ ᠲᠠᠢ ᠶᠢ ᠪᠠᠲᠤᠯᠠᠨ᠎ᠠ
ᠨᠡᠶᠢᠲᠡᠯᠡᠭᠰᠡᠨ ᠴᠠᠭ᠄
2025/4/23
          ᠮᠡᠳᠡᠯᠭᠡ ᠶᠢᠨ ᠦᠮᠴᠢᠯᠡᠯ ᠤᠨ ᠡᠷᠬᠡ ᠶᠢ ᠬᠠᠮᠠᠭᠠᠯᠠᠬᠤ ᠤᠬᠠᠮᠰᠠᠷ ᠢ ᠴᠢᠩᠭᠠᠳᠬᠠᠵᠤ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠬᠦᠴᠦ ᠨᠡᠮᠡᠷᠢᠯᠡᠬᠦ ᠶᠢᠨ ᠲᠥᠯᠥᠭᠡ᠂ 2025 ᠣᠨ ᠤ 4 ᠰᠠᠷ᠎ᠠ ᠶᠢᠨ 23᠎ ᠤ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ ᠠᠯᠪᠠᠨ ᠭᠡᠷᠡᠴᠢᠯᠡᠭᠡ ᠶᠢᠨ ᠭᠠᠵᠠᠷ ᠴᠠᠭᠠᠨ ᠪᠠᠯᠭᠠᠰᠤᠨ ᠤ ᠪᠠᠶᠠᠨᠴᠠᠭᠠᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠮᠡᠳᠡᠯᠭᠡ ᠶᠢᠨ ᠦᠮᠴᠢᠯᠡᠯ ᠤᠨ ᠡᠷᠬᠡ ᠶᠢ ᠬᠠᠮᠠᠭᠠᠯᠠᠬᠤ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠨᠢ ︽ᠠᠯᠪᠠᠨ ᠭᠡᠷᠡᠴᠢᠯᠡᠭᠡ ᠪᠠᠷ ᠮᠡᠳᠡᠯᠭᠡ ᠶᠢᠨ ᠦᠮᠴᠢᠯᠡᠯ ᠤᠨ ᠡᠷᠬᠡ ᠶᠢ ᠬᠠᠮᠠᠭᠠᠯᠠᠬᠤ᠂ ᠥᠮᠴᠢᠯᠡᠯ ᠤᠨ ᠡᠷᠬᠡ ᠶᠢ ᠬᠠᠮᠠᠭᠠᠯᠠᠬᠤ ᠳᠤ ᠵᠢᠷᠤᠮᠯᠠᠬᠤ ᠬᠠᠤᠯᠢ ᠲᠠᠢ ᠪᠠᠶᠢᠯᠭᠠᠬᠤ︾᠎ ᠪᠠᠷ ᠭᠤᠣᠯ ᠰᠡᠳᠦᠪ ᠪᠣᠯᠭᠠᠵᠤ᠂ ᠲᠠᠶᠢᠯᠤᠮᠵᠢ ᠥᠷᠨᠢᠭᠦᠯᠬᠦ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠲᠠᠶᠢᠯᠤᠮᠵᠢ ᠬᠢᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠰᠠᠭᠤᠭᠠᠯᠢ ᠠᠷᠠᠳ ᠮᠠᠯᠴᠢᠨ ᠲᠦᠮᠡᠨ᠂ ᠬᠤᠳᠠᠯᠳᠤᠭᠠᠴᠢᠨ ᠡᠷᠦᠬᠡ ᠵᠢᠴᠢ ᠠᠵᠤ ᠠᠬᠤᠶᠢᠯᠠᠯ ᠳᠤ ᠮᠡᠳᠡᠯᠭᠡ ᠶᠢᠨ ᠦᠮᠴᠢᠯᠡᠯ ᠤᠨ ᠡᠷᠬᠡ ᠶᠢᠨ ᠠᠯᠪᠠᠨ ᠭᠡᠷᠡᠴᠢᠯᠡᠭᠡ ᠶᠢᠨ ᠦᠢᠯᠡᠳᠦᠯ ᠢ ᠲᠦᠭᠡᠮᠡᠯᠵᠢᠭᠦᠯᠦᠨ᠎ᠡ᠃ᠰᠢᠨ᠎ᠡ ᠪᠠᠷᠭᠤ ᠵᠡᠭᠦᠨ ᠬᠤᠰᠢᠭᠤᠨ ᠤ ᠠᠯᠪᠠᠨ ᠭᠡᠷᠡᠴᠢᠯᠡᠭᠡ ᠶᠢᠨ ᠭᠠᠵᠠᠷ ᠤᠨ ᠡᠷᠬᠢᠯᠡᠭᠴᠢ ᠲᠠᠸᠠᠷ ᠤᠨ ᠲᠡᠮᠳᠡᠭ ᠤᠨ ᠡᠷᠬᠡ᠂ ᠵᠣᠬᠢᠶᠠᠯ ᠪᠦᠲᠦᠭᠡᠯ ᠤᠨ ᠡᠷᠬᠡ᠂ ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ ᠵᠡᠷᠭᠡ ᠠᠯᠪᠠᠨ ᠭᠡᠷᠡᠴᠢᠯᠡᠭᠡ ᠶᠢᠨ ᠦᠢᠯᠡᠴᠢᠯᠡᠭᠡ ᠶᠢ ᠭᠤᠣᠯᠳᠠᠯᠭ᠎ᠠ ᠲᠠᠢ ᠲᠠᠨᠢᠯᠴᠠᠭᠤᠯᠵᠤ᠂ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠠᠯᠪᠠᠨ ᠭᠡᠷᠡᠴᠢᠯᠡᠭᠡ ᠶᠢᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠡᠷᠬᠡ ᠶᠢ ᠬᠠᠮᠠᠭᠠᠯᠠᠬᠤ᠂ ᠭᠡᠷᠡᠴᠢ ᠪᠠᠷᠢᠮᠲᠠ ᠶᠢ ᠲᠣᠭᠲᠠᠪᠤᠷᠢᠵᠢᠭᠤᠯᠬᠤ ᠳᠤᠮᠳᠠᠬᠢ ᠵᠠᠩᠭᠢᠯᠠᠭ᠎ᠠ ᠶᠢᠨ ᠦᠢᠯᠡᠳᠦᠯ ᠢ ᠲᠣᠳᠣᠷᠬᠠᠶᠢᠯᠠᠵᠤ᠂ ᠣᠯᠠᠨ ᠲᠦᠮᠡᠨ ᠤ ᠬᠠᠤᠯᠢ ᠴᠠᠭᠠᠵᠠ ᠶᠢᠨ ᠠᠷᠭ᠎ᠠ ᠪᠠᠷᠢᠯ ᠢᠶᠠᠷ ᠰᠢᠨ᠎ᠡ ᠶᠢ ᠡᠭᠦᠳᠬᠦ ᠡᠷᠬᠡ ᠠᠰᠢᠭ ᠎ ᠢᠶᠠᠨ ᠬᠠᠮᠠᠭᠠᠯᠠᠬᠤ ᠶᠢ ᠨᠢ ᠬᠥᠲᠥᠯᠥᠨ ᠳᠠᠭᠠᠭᠤᠯᠤᠨ᠎ᠠ᠃
20250423-5-1.png
          ᠴᠠᠭᠠᠨ ᠪᠠᠯᠭᠠᠰᠤᠨ ᠤ ᠲᠠᠷᠢᠶᠠᠯᠠᠩ ᠮᠠᠯ ᠠᠵᠤ ᠠᠬᠤᠢ ᠶᠢᠨ ᠣᠨᠴᠠᠯᠢᠭ ᠲᠤ ᠴᠢᠭᠯᠡᠭᠦᠯᠦᠨ᠂ ᠠᠯᠪᠠᠨ ᠭᠡᠷᠡᠴᠢᠯᠡᠭᠴᠢ ᠭᠠᠵᠠᠷ ᠵᠦᠢ ᠶᠢᠨ ᠲᠡᠮᠳᠡᠭᠲᠦ ᠪᠦᠲᠦᠭᠡᠭᠳᠡᠬᠦᠨ ᠤ ᠬᠠᠮᠠᠭᠠᠯᠠᠯᠲᠠ᠂ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠡᠮᠳᠡᠭᠲᠦ ᠲᠠᠸᠠᠷ ᠤᠨ ᠲᠡᠮᠳᠡᠭ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠬᠠᠢ ᠶᠢᠨ ᠲᠠᠯᠠᠪᠤᠷ ᠲᠤ ︽ᠬᠡᠷᠬᠢᠨ ᠠᠯᠪᠠᠨ ᠭᠡᠷᠡᠴᠢᠯᠡᠭᠡ ᠬᠢᠬᠦ ᠪᠠᠷ ᠳᠠᠮᠵᠢᠭᠤᠯᠤᠨ ᠣᠨᠴᠠᠯᠢᠭᠲᠤ ᠪᠦᠲᠦᠭᠡᠭᠳᠡᠬᠦᠨ ᠤ ᠬᠠᠭᠤᠷᠮᠠᠭᠯᠠᠨ ᠦᠢᠯᠡᠳᠬᠦ ᠶᠢ ᠰᠡᠷᠭᠡᠶᠢᠯᠡᠬᠦ︾ ︽ᠮᠠᠯᠵᠢᠬᠤ ᠣᠷᠣᠨ ᠤ ᠤᠯᠠᠮᠵᠢᠯᠠᠯᠲᠤ ᠤᠷ᠎ᠠ ᠮᠡᠷᠭᠡᠵᠢᠯ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠬᠡᠷᠬᠢᠨ ᠭᠤᠶᠤᠴᠢᠯᠠᠬᠤ︾ ᠵᠡᠷᠭᠡ ᠠᠰᠠᠭᠤᠳᠠᠯ ᠳᠤ ᠬᠠᠷᠢᠭᠤᠯᠲᠠ ᠥᠭᠪᠡ᠃ ᠡᠭᠦᠨ ᠤ ᠵᠡᠷᠭᠡ ᠳᠤ ᠬᠤᠳᠠᠯᠳᠤᠭᠠᠨ ᠤ ᠡᠷᠦᠬᠡ ᠳᠤ ᠠᠵᠤ ᠠᠬᠤᠶᠢᠯᠠᠯ ᠤᠨ ᠲᠠᠸᠠᠷ ᠤᠨ ᠲᠡᠮᠳᠡᠭᠲᠦ ᠳᠠᠩᠰᠠᠯᠠᠭᠤᠯᠬᠤ᠂ ᠲᠤᠰᠬᠠᠢ ᠠᠰᠢᠭ ᠭᠤᠶᠤᠴᠢᠯᠠᠬᠤ ᠶᠠᠪᠤᠴᠠ ᠳᠠᠬᠢ ᠠᠯᠪᠠᠨ ᠭᠡᠷᠡᠴᠢᠯᠡᠭᠡ ᠶᠢᠨ ᠴᠤᠪᠤᠷᠠᠯ ᠎ ᠢ ᠲᠠᠶᠢᠯᠪᠤᠷᠢᠯᠠᠨ ᠥᠭᠴᠦ᠂ ᠲᠡᠳᠡᠨ ᠢ ᠬᠠᠪᠰᠤᠷᠤᠨ ᠬᠠᠤᠯᠢ ᠴᠠᠭᠠᠵᠠ ᠶᠢᠨ ᠲᠦᠭᠰᠢᠭᠦᠷᠢ ᠠᠴᠠ ᠵᠠᠶᠢᠯᠠᠭᠤᠯᠵᠤ᠂ ᠡᠷᠬᠡ ᠪᠠᠨ ᠬᠠᠮᠠᠭᠠᠯᠠᠬᠤ ᠤᠬᠠᠮᠰᠠᠷ ᠎ ᠢ ᠨᠢ ᠳᠡᠭᠡᠭᠰᠢᠯᠡᠭᠦᠯᠪᠡ᠃
20250423-5-2.png
          ᠲᠣᠰ ᠤᠳᠠᠭᠠᠨ ᠤ ᠠᠵᠢᠯᠯᠠᠭ᠎ᠠ ᠨᠢ ᠦᠨᠳᠦᠰᠦᠨ ᠱᠠᠲᠤᠨ ᠤ ᠣᠯᠠᠨ ᠲᠦᠮᠡᠨ ᠤ ᠮᠡᠳᠡᠯᠭᠡ ᠶᠢᠨ ᠦᠮᠴᠢᠯᠡᠯ ᠤᠨ ᠡᠷᠬᠡ ᠶᠢᠨ ᠠᠯᠪᠠᠨ ᠭᠡᠷᠡᠴᠢᠯᠡᠭᠡ ᠶᠢᠨ ᠲᠤᠬᠠᠢ ᠲᠠᠨᠢᠨ ᠮᠡᠳᠡᠬᠦᠢ ᠶᠢ ᠪᠦᠲᠦᠮᠵᠢᠲᠡᠶ ᠳᠡᠭᠡᠭᠰᠢᠯᠡᠭᠦᠯᠪᠡ᠃ ᠴᠠᠭᠠᠨ ᠪᠠᠯᠭᠠᠰᠤᠨ ᠤ ᠬᠤᠳᠠᠯᠳᠤᠭᠠᠴᠢᠨ ᠡᠷᠦᠬᠡ ᠎ ᠶᠢᠨ ᠲᠥᠯᠥᠭᠡᠯᠡᠭᠴᠢ᠄ ︽ᠤᠤᠯ ᠨᠢ ᠠᠯᠪᠠᠨ ᠭᠡᠷᠡᠴᠢᠯᠡᠭᠡ ᠨᠢ ᠮᠠᠨ ᠤ ᠨᠡᠷᠡᠲᠦ ᠲᠡᠮᠳᠡᠭ ᠎ ᠢ ᠬᠠᠮᠠᠭᠠᠯᠠᠬᠤ ᠳᠤ ᠲᠤᠰᠠ ᠪᠣᠯᠳᠠᠭ ᠶᠤᠮ ᠪᠠᠶᠢᠨ᠎ᠠ᠂ ᠬᠤᠶᠢᠰᠢᠳᠠ ᠵᠠᠪᠠᠯ ᠬᠡᠷᠡᠭᠯᠡᠬᠦ ᠬᠡᠷᠡᠭᠲᠡᠢ︾ ᠭᠡᠵᠡᠢ᠃
20250423-5-3.png
          ᠲᠠᠷᠠᠭᠠᠴᠢ ᠶᠢᠨ ᠠᠯᠬᠤᠮ ᠳᠤ᠂ ᠰᠢᠨ᠎ᠡ ᠪᠠᠷᠭᠤ ᠵᠡᠭᠦᠨ ᠬᠤᠰᠢᠭᠤᠨ ᠤ ᠠᠯᠪᠠᠨ ᠭᠡᠷᠡᠴᠢᠯᠡᠭᠡ ᠶᠢᠨ ᠭᠠᠵᠠᠷ ᠦᠢᠯᠡᠴᠢᠯᠡᠭᠡᠨ ᠤ ᠬᠦᠷᠢᠶ᠎ᠡ ᠴᠠᠷᠠᠭ᠎ᠠ ᠪᠠᠨ ᠦᠷᠭᠦᠯᠵᠢᠯᠡᠨ ᠥᠷᠭᠡᠳᠬᠡᠵᠦ᠂ ᠮᠠᠯᠵᠢᠬᠤ ᠣᠷᠣᠨ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠬᠠᠨᠳᠤᠭᠤᠯᠤᠨ ᠬᠠᠤᠯᠢ ᠴᠠᠭᠠᠵᠠ ᠶᠢᠨ ᠮᠡᠳᠡᠯᠭᠡ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯᠯᠠᠭ᠎ᠠ ᠶᠢ ᠥᠷᠨᠢᠭᠦᠯᠵᠦ᠂ ᠠᠯᠪᠠᠨ ᠭᠡᠷᠡᠴᠢᠯᠡᠭᠡ ᠶᠢᠨ ᠦᠢᠯᠡᠴᠢᠯᠡᠭᠡ ᠪᠠᠷ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠠᠭᠠᠯᠠᠯᠲᠠ ᠎ ᠳᠤ ᠬᠦᠴᠦ ᠨᠡᠮᠡᠵᠦ᠂ ᠭᠠᠵᠠᠷ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠠᠤᠯᠢ ᠪᠠᠷ ᠵᠠᠰᠠᠬᠤ ᠬᠥᠳᠡᠯᠭᠡᠬᠦ ᠬᠦᠴᠦᠨ ᠨᠡᠮᠡᠷᠢᠯᠡᠨ᠎ᠡ᠃ 
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ