ᠰᠢᠨ᠎ᠡ ᠪᠠᠷᠭᠤ ᠵᠡᠭᠦᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠳᠡᠯᠡᠬᠡᠢ ᠶᠢᠨ ᠨᠣᠮ ᠤᠩᠰᠢᠬᠤ ᠡᠳᠦᠷ ᠲᠤ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠲᠤᠰᠬᠠᠢ ᠰᠡᠳᠦᠪᠲᠦ ᠲᠠᠶᠢᠯᠤᠮᠵᠢ ᠥᠷᠨᠢᠭᠦᠯᠪᠡ
ᠨᠡᠶᠢᠲᠡᠯᠡᠭᠰᠡᠨ ᠴᠠᠭ᠄
2025/4/23
          30 ᠳ᠋ᠤᠭᠠᠷ ᠳᠡᠯᠡᠬᠡᠢ ᠶᠢᠨ ᠨᠣᠮ ᠤᠩᠰᠢᠬᠤ ᠡᠳᠦᠷ ᠬᠦᠷᠴᠦ ᠢᠷᠡᠬᠦ ᠲᠠᠰᠢᠷᠠᠮ ᠳᠤ᠂ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠶᠢᠨ ᠲᠥᠯᠥᠭᠡ᠂ ᠰᠢᠨ᠎ᠡ ᠪᠠᠷᠭᠤ ᠵᠡᠭᠦᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠪᠠ ᠬᠠᠤᠯᠢ ᠶᠣᠰᠣᠭᠠᠷ ᠵᠠᠰᠠᠬᠤ ᠲᠠᠰᠤᠭ ᠤᠨ ᠬᠠᠮᠲᠤᠷᠠᠭᠰᠠᠨ ᠠᠵᠢᠯ ᠤᠨ ᠪᠠᠶᠢᠷᠢ ᠪᠠ ᠬᠠᠤᠯᠢ ᠴᠠᠭᠠᠵᠠ ᠶᠢᠨ ᠰᠠᠯᠪᠤᠷᠢ 4 ᠰᠠᠷ᠎ᠠ ᠶᠢᠨ 23᠎ ᠤ ᠡᠳᠦᠷ ᠴᠠᠭᠠᠨ ᠪᠠᠯᠭᠠᠰᠤᠨ ᠤ ᠪᠠᠶᠠᠨᠴᠠᠭᠠᠨ ᠨᠡᠶᠢᠭᠡᠮ ᠲᠣᠭᠤᠷᠢᠭ ᠲᠤ ᠬᠦᠷᠴᠦ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠰᠢᠨ᠎ᠡ ᠰᠡᠪᠡᠭᠦᠨ ᠲᠠᠶᠢᠯᠤᠮᠵᠢ ᠬᠢᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠡᠯᠪᠡᠭ ᠪᠠᠶᠠᠯᠢᠭ ᠬᠠᠤᠯᠢ ᠴᠠᠭᠠᠵᠠ ᠶᠢᠨ ᠮᠡᠳᠡᠯᠭᠡ ᠶᠢᠨ ᠦᠪᠡᠳᠡᠭᠰᠢ ᠨᠠᠶᠢᠷ ᠬᠢᠭᠰᠡᠨ ᠪᠠᠶᠢᠨ᠎ᠠ᠃ ᠲᠣᠰ ᠤᠳᠠᠭᠠᠨ ᠤ ᠲᠠᠶᠢᠯᠤᠮᠵᠢ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠳᠦᠷᠢᠮ︾᠎ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ ᠤ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠬᠠᠮᠢᠶ᠎ᠠ ᠪᠦᠬᠦᠢ ᠬᠠᠤᠯᠢ ᠲᠣᠭᠲᠠᠭᠠᠯ ᠤᠨ ᠲᠤᠬᠠᠢ ᠲᠠᠨᠢᠯᠲᠠ ᠶᠢ ᠴᠢᠩᠭᠠᠳᠬᠠᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠦᠷᠭᠦᠯᠵᠢᠯᠡᠬᠦ ᠬᠥᠭᠵᠢᠯᠲᠡ ᠶᠢ ᠲᠦᠯᠬᠢᠨ ᠠᠬᠢᠭᠤᠯᠪᠠ᠃
20250423-7-1.jpg
          ᠲᠠᠶᠢᠯᠤᠮᠵᠢ ᠶᠢᠨ ᠲᠤᠬᠠᠢ ᠶᠢᠨ ᠲᠠᠯᠠᠪᠠᠶ ᠳᠤ᠂ ᠬᠠᠤᠯᠢ ᠴᠠᠭᠠᠵᠠ ᠶᠢᠨ ᠲᠣᠪᠴᠢᠶ᠎ᠠ ᠶᠢᠨ ᠠᠵᠢᠯᠲᠠᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠳᠦᠷᠢᠮ︾᠎ ᠢ ᠨᠠᠷᠢᠨ ᠲᠠᠶᠢᠯᠪᠤᠷᠢᠯᠠᠪᠠ᠃ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠬᠦᠷᠢᠶ᠎ᠡ ᠬᠡᠪᠴᠢᠶ᠎ᠡ᠂ ᠴᠠᠭ ᠬᠤᠭᠤᠴᠠᠭ᠎ᠠ ᠎ ᠠᠴᠠ ᠠᠪᠤᠭᠠᠳ ᠲᠣᠭᠲᠠᠭᠠᠯ ᠠᠴᠠ ᠵᠥᠷᠢᠴᠡᠭᠰᠡᠨ ᠬᠠᠤᠯᠢ ᠴᠠᠭᠠᠵᠠ ᠶᠢᠨ ᠬᠠᠷᠢᠭᠤᠴᠠᠯᠭ᠎ᠠ ᠬᠦᠷᠲᠡᠯ᠎ᠡ᠂ ᠠᠵᠢᠯᠲᠠᠳ ᠴᠥᠮ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠠᠶᠢᠯᠪᠤᠷᠢᠯᠠᠨ ᠶᠠᠷᠢᠵᠤ᠂ ᠣᠯᠠᠨ ᠲᠦᠮᠡᠨ ᠎ ᠳᠤ ᠥᠪᠡᠷ ᠤᠨ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠠᠵᠢᠯ ᠤᠨ ᠳᠤᠮᠳᠠᠬᠢ ᠡᠷᠬᠡ ᠪᠠ ᠡᠭᠦᠷᠭᠡ ᠶᠢ ᠨᠢ ᠲᠣᠳᠣᠷᠬᠠᠢ ᠣᠶᠢᠯᠠᠭᠠᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢᠨ ᠴᠢᠬᠤᠯᠠ ᠴᠢᠨᠠᠷ ᠢ ᠮᠡᠳᠡᠷᠡᠭᠦᠯᠦᠭᠰᠡᠨ ᠪᠠᠶᠢᠨ᠎ᠠ᠃ᠣᠯᠠᠨ ᠲᠦᠮᠡᠨ ᠳᠤ ᠬᠠᠤᠯᠢ ᠴᠠᠭᠠᠵᠠ ᠶᠢᠨ ᠲᠥᠪ ᠴᠢᠩᠭ᠎ᠠ ᠴᠢᠨᠠᠷ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠲᠣᠭᠲᠠᠭᠠᠯ ᠢ ᠵᠢᠷᠤᠮᠯᠠᠬᠤ ᠶᠢᠨ ᠴᠢᠬᠤᠯᠠ ᠴᠢᠨᠠᠷ ᠢ ᠨᠡᠩ ᠰᠢᠭᠤᠳ ᠣᠶᠢᠯᠠᠭᠠᠭᠤᠯᠬᠤ ᠶᠢᠨ ᠲᠥᠯᠥᠭᠡ᠂ ᠠᠵᠢᠯᠲᠠᠳ ᠪᠠᠰᠠ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠲᠠᠯ᠎ᠠ ᠪᠠᠷ ᠨᠡᠶᠢᠲᠡᠯᠢᠭ ᠠᠴᠢ ᠬᠤᠯᠪᠣᠭᠳᠠᠯ ᠲᠠᠢ ᠬᠡᠷᠡᠭ ᠤᠨ ᠵᠢᠱᠢᠶ᠎ᠡ ᠨᠦᠭᠦᠳ ᠢ ᠨᠠᠷᠢᠨ ᠨᠢᠮᠪᠠᠢ ᠰᠣᠩᠭᠤᠨ᠂ ᠭᠠᠭᠴᠠ ᠬᠦ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠲᠣᠭᠲᠠᠭᠠᠯ ᠢ ᠴᠢᠩᠭ᠎ᠠ ᠵᠢᠷᠤᠮᠯᠠᠪᠠᠯ ᠰᠠᠶ᠋ᠢ ᠨᠤᠲᠤᠭ ᠪᠡᠯᠴᠢᠭᠡᠷ ᠤᠨ ᠠᠮᠢ ᠠᠬᠤᠢ ᠶᠢ ᠪᠦᠲᠦᠮᠵᠢᠲᠡᠶ ᠪᠠᠷ ᠬᠠᠮᠠᠭᠠᠯᠠᠵᠤ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠪᠡᠶᠡᠯᠡᠭᠦᠯᠵᠦ ᠴᠢᠳᠠᠨ᠎ᠠ ᠭᠡᠳᠡᠭ ᠢ ᠣᠯᠠᠨ ᠲᠦᠮᠡᠨ ᠳᠤ ᠭᠦᠨᠵᠡᠭᠡᠢ ᠲᠠᠨᠢᠭᠤᠯᠤᠭᠰᠠᠨ ᠪᠠᠶᠢᠨ᠎ᠠ᠃
20250423-7-2.jpg
          ᠲᠠᠶᠢᠯᠤᠮᠵᠢ ᠶᠢᠨ ᠬᠤᠭᠤᠴᠠᠭᠠᠨ ᠳᠤ᠂ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢ ᠲᠦᠭᠡᠮᠡᠯᠵᠢᠭᠦᠯᠬᠦ ᠵᠠᠯᠠᠭᠤ ᠰᠠᠶᠢᠨ ᠳᠤᠷ᠎ᠠ ᠶᠢᠨ ᠠᠵᠢᠯᠯᠠᠭᠴᠢ ᠪᠠᠰᠠ ᠣᠯᠠᠨ ᠲᠦᠮᠡᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠣᠯᠠᠨ ᠲᠦᠮᠡᠨ ᠤ ᠡᠳᠦᠷ ᠲᠤᠲᠤᠮ ᠤᠨ ᠠᠮᠢᠳᠤᠷᠠᠯ ᠳᠤᠮᠳᠠ ᠪᠠᠨ ᠴᠠᠭ ᠲᠤᠬᠠᠢ ᠳᠤᠨᠢ ᠪᠠᠶᠢᠴᠠᠭᠠᠨ ᠦᠵᠡᠵᠦ ᠰᠤᠷᠤᠯᠴᠠᠬᠤ ᠳᠤ ᠲᠥᠬᠦᠮ ᠦᠵᠡᠭᠦᠯᠪᠡ᠃ ᠡᠭᠦᠨ ᠤ ᠬᠠᠮᠲᠤ᠂ ᠠᠵᠢᠯᠲᠠᠳ ᠪᠠᠰᠠ ᠣᠯᠠᠨ ᠲᠦᠮᠡᠨ ᠤ ᠳᠤᠷᠠᠳᠤᠭᠰᠠᠨ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠵᠡᠷᠭᠡ ᠲᠠᠯ᠎ᠠ ᠪᠠᠷ ᠬᠢ ᠮᠠᠳᠠᠭ ᠲᠠᠢ ᠠᠰᠠᠭᠤᠳᠠᠯ ᠳᠤ ᠲᠤᠬᠠᠢ ᠶᠢᠨ ᠲᠠᠯᠠᠪᠤᠷ ᠲᠤ ᠬᠠᠷᠢᠭᠤᠯᠲᠠ ᠥᠭᠴᠦ᠂ ᠣᠯᠠᠨ ᠲᠦᠮᠡᠨ ᠳᠤ ᠬᠠᠤᠯᠢ ᠴᠠᠭᠠᠵᠠ ᠶᠢᠨ ᠳᠣᠲᠣᠨᠣ ᠦᠢᠯᠡᠴᠢᠯᠡᠭᠡ ᠬᠠᠩᠭᠠᠭᠰᠠᠨ ᠪᠠᠶᠢᠨ᠎ᠠ᠃          ᠲᠣᠰ ᠤᠳᠠᠭᠠᠨ ᠤ ᠲᠠᠶᠢᠯᠤᠮᠵᠢ ᠨᠢ ᠣᠯᠠᠨ ᠲᠦᠮᠡᠨ ᠤ ᠬᠠᠤᠯᠢ ᠴᠠᠭᠠᠵᠠ ᠶᠢᠨ ᠮᠡᠳᠡᠯᠭᠡ ᠶᠢ ᠪᠠᠶᠠᠯᠢᠭᠵᠢᠭᠤᠯᠵᠤ᠂ ᠣᠯᠠᠨ ᠲᠦᠮᠡᠨ ᠤ ᠬᠠᠤᠯᠢ ᠪᠠᠷ ᠵᠠᠰᠠᠬᠤ ᠤᠬᠠᠮᠰᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠬᠠᠤᠯᠢ ᠪᠠᠷ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠰᠢᠨ᠎ᠡ ᠪᠠᠷᠭᠤ ᠵᠡᠭᠦᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠦᠷᠭᠦᠯᠵᠢᠯᠡᠨ ᠡᠯ᠎ᠡ ᠲᠦᠷᠦᠯ ᠤᠨ ᠭᠤᠣᠯ ᠰᠡᠳᠦᠪᠲᠦ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠤᠯᠠᠨ ᠬᠡᠯᠪᠡᠷᠢ ᠶᠢᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠠᠤᠯᠢ ᠴᠠᠭᠠᠵᠠ ᠶᠢᠨ ᠮᠡᠳᠡᠯᠭᠡ ᠶᠢ ᠲᠦᠭ ᠲᠦᠮᠡᠨ ᠠᠶᠢᠯ ᠡᠷᠦᠬᠡ ᠳᠤ ᠬᠦᠷᠭᠡᠵᠦ᠂ ᠬᠠᠤᠯᠢᠵᠢᠯ ᠤᠨ ᠨᠡᠶᠢᠭᠡᠮ ᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃
20250423-7-3.jpg
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ