ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ 2025 ᠣᠨ ᠤ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/23
          4 ᠰᠠᠷ᠎ᠠ ᠶᠢᠨ 22᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2025 ᠣᠨ ᠤ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃          ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠣᠭᠤᠭᠠᠷᠠᠭᠤᠯᠤᠯᠲᠠ ᠶᠢ ᠥᠷᠭᠡᠳᠬᠡᠨ ᠨᠣᠭᠤᠭᠠᠷᠠᠭᠤᠯᠤᠯᠲᠠ ᠶᠢ ᠬᠥᠭᠵᠢᠭᠦᠯᠵᠦ ᠨᠣᠭᠤᠭᠠᠷᠠᠭᠤᠯᠤᠯᠲᠠ ᠶᠢ ᠬᠠᠮᠠᠭᠠᠯᠠᠬᠤ︽ᠭᠤᠷᠪᠠᠨ ᠨᠣᠭᠤᠭᠠᠷᠠᠭᠤᠯᠤᠯᠲᠠ︾᠎ ᠶᠢ ᠵᠡᠷᠭᠡᠪᠡᠷ ᠡᠷᠬᠢᠮᠯᠡᠬᠦ ᠶᠢ ᠪᠠᠷᠢᠮᠲᠠᠯᠠᠵᠤ᠂ ᠤᠢ ᠰᠢᠭᠤᠢ ᠨᠤᠲᠤᠭ ᠪᠡᠯᠴᠢᠭᠡᠷ ᠤᠨ ᠠᠵᠤ ᠦᠢᠯᠡᠰ ᠢ ᠲᠦᠷᠭᠡᠨ ᠪᠣᠶᠢᠵᠢᠭᠤᠯᠵᠤ᠂ ᠤᠢ ᠰᠢᠭᠤᠢ ᠨᠤᠲᠤᠭ ᠪᠡᠯᠴᠢᠭᠡᠷ ᠢ ᠡᠪᠳᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠬᠦᠴᠦᠲᠡᠢ ᠠᠬᠢᠭᠤᠯᠵᠤ᠂ ᠨᠣᠭᠤᠭᠠᠨ ᠥᠩᠭᠡ ᠶᠢᠨ ᠰᠠᠭᠤᠷᠢ ᠪᠠᠨ ᠨᠡᠩ ᠪᠠᠲᠤᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃          ᠬᠤᠷᠠᠯ ᠠᠴᠠ︽ᠲᠤᠭ᠎ᠠ ᠪᠦᠷᠢᠳᠬᠡᠯ ᠢ ᠬᠠᠭᠤᠷᠮᠠᠭ ᠢᠶᠠᠷ ᠵᠣᠬᠢᠶᠠᠬᠤ ᠶᠢ ᠰᠡᠷᠭᠡᠶᠢᠯᠡᠨ ᠵᠠᠰᠠᠬᠤ ᠬᠠᠲᠠᠭᠤ ᠴᠢᠨᠠᠷ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠲᠥᠰᠥᠯ︾᠎ ᠢ ᠤᠯᠠᠮᠵᠢᠯᠠᠨ ᠰᠤᠷᠤᠯᠴᠠᠵᠤ᠂ ᠤᠯᠤᠰ ᠲᠦᠷᠦ ᠶᠢᠨ ᠲᠠᠯ᠎ᠠ ᠠᠴᠠ ᠲᠤᠭ᠎ᠠ ᠪᠦᠷᠢᠳᠬᠡᠯ ᠢ ᠬᠠᠭᠤᠷᠮᠠᠭ ᠢᠶᠠᠷ ᠵᠣᠬᠢᠶᠠᠬᠤ ᠎ ᠶᠢ ᠰᠡᠷᠭᠡᠶᠢᠯᠡᠨ ᠵᠠᠰᠠᠬᠤ ᠶᠢᠨ ᠲᠤᠶᠢᠯ ᠤᠨ ᠴᠢᠬᠤᠯᠠ ᠴᠢᠨᠠᠷ ᠢ ᠲᠠᠨᠢᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠦᠢᠯᠡᠳᠪᠦᠷᠢᠯᠡᠬᠦ᠂ ᠬᠢᠨᠠᠨ ᠬᠠᠷᠭᠤᠭᠤᠯᠬᠤ᠂ ᠮᠡᠳᠡᠭᠦᠯᠦᠨ ᠬᠦᠷᠭᠡᠬᠦ ᠵᠡᠷᠭᠡ ᠡᠯ᠎ᠡ ᠭᠤᠭᠴᠤᠭ᠎ᠠ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠲᠤᠭ᠎ᠠ ᠪᠦᠷᠢᠳᠬᠡᠯ ᠤᠨ ᠠᠵᠢᠯ ᠤᠨ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃          ᠬᠤᠷᠠᠯ ᠠᠴᠠ ᠪᠦᠬᠦ ᠣᠷᠣᠨ ᠤ ᠣᠶ ᠰᠢᠭᠤᠢ ᠨᠤᠲᠤᠭ ᠪᠡᠯᠴᠢᠭᠡᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠪᠣᠯᠣᠨ ᠬᠤᠲᠠ ᠶᠢᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢᠨ ᠴᠣᠬᠤᠯᠠᠪᠤᠷᠢ ᠶᠢᠨ ᠱᠠᠭᠠᠷᠳᠠᠯᠭ᠎ᠠ ᠶᠢ ᠤᠯᠠᠮᠵᠢᠯᠠᠵᠤ᠂ ᠪᠥᠬᠦ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠨᠤᠭᠤ ᠭᠠᠵᠠᠷ ᠢ ᠡᠪᠳᠡᠨ ᠬᠠᠤᠯᠢ ᠲᠣᠭᠲᠠᠭᠠᠯ ᠎ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠬᠠᠮᠲᠤᠷᠠᠭᠰᠠᠨ ᠲᠣᠭᠲᠠᠴᠠ ᠶᠢ ᠪᠠᠶᠢᠭᠤᠯᠤᠨ᠂ ᠨᠢᠭᠡ ᠴᠣᠭᠴᠠᠵᠢᠭᠤᠯᠤᠨ ᠠᠬᠢᠭᠤᠯᠵᠤ᠂ ᠲᠦᠷᠭᠡᠨ ᠢᠯᠡᠷᠡᠭᠦᠯᠵᠦ᠂ ᠲᠦᠷᠭᠡᠨ ᠰᠢᠢᠳᠪᠦᠷᠢᠯᠡᠵᠦ᠂ ᠲᠦᠷᠭᠡᠨ ᠴᠡᠭᠴᠡᠯᠡᠨ ᠰᠠᠶᠢᠵᠢᠷᠠᠭᠤᠯᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃          ᠬᠤᠷᠠᠯ ᠎ ᠠᠴᠠ ᠪᠠᠰᠠ ᠬᠤᠶᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢ ᠤᠷᠲᠤᠳᠬᠠᠬᠤ᠂ ᠤᠯᠤᠰ ᠤᠨ ᠥᠮᠴᠢᠯᠡᠯᠲᠦ ᠨᠤᠲᠤᠭ ᠪᠡᠯᠴᠢᠭᠡᠷ ᠢ ᠵᠦᠢ ᠵᠣᠬᠢᠰᠲᠠᠢ ᠠᠰᠢᠭᠯᠠᠬᠤ᠂ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠵᠡᠷᠭᠡ ᠠᠵᠢᠯ ᠎ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠰᠢᠨ᠎ᠡ ᠪᠠᠷᠭᠤ ᠵᠡᠭᠦᠨ ᠬᠤᠰᠢᠭᠤᠨ ᠤ 2025 ᠣᠨ ᠤ ᠪᠥᠬᠦ ᠬᠤᠰᠢᠭᠤᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠭᠤᠣᠯᠳᠠᠯᠭ᠎ᠠ ᠲᠠᠢ ᠡᠭᠦᠷᠭᠡ ᠶᠢᠨ ᠠᠵᠢᠯ ᠤᠨ ᠲᠥᠰᠥᠯ︾᠎ ᠢ ᠬᠢᠨᠠᠨ ᠵᠥᠪᠯᠡᠪᠡ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ