ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠠᠵᠢᠯ ᠢ ᠪᠦᠬᠦ ᠲᠠᠯ᠎ᠠ ᠪᠠᠷ | ᠲᠦᠯᠬᠢᠨ ᠠᠬᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢᠨ ᠲᠥᠯᠥᠭᠡ᠂ 4 ᠰᠠᠷ᠎ᠠ ᠶᠢᠨ 23 ᠤ ᠡᠳᠦᠷ᠂ ᠰᠢᠨ᠎ᠡ | ᠪᠠᠷᠭᠤ ᠵᠡᠭᠦᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠰᠢᠨ᠎ᠡ ᠪᠠᠷᠭᠤ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠨ᠎ᠡ | ᠪᠠᠷᠭᠤ ᠵᠡᠭᠦᠨ ᠬᠤᠰᠢᠭᠤᠨ ᠤ ᠰᠢᠨᠬᠤᠸᠠ ᠨᠣᠮ ᠤᠨ ᠳᠡᠯᠭᠡᠭᠦᠷ ᠬᠠᠮᠲᠤᠷᠠᠨ ︽ᠨᠡᠶᠢᠳᠡᠮ ᠬᠡᠷᠡᠭᠯᠡᠬᠦ ᠦᠭᠡ ᠬᠡᠯᠡᠨ ᠤ ᠭᠤᠸ᠎ᠠ ᠰᠠᠶᠢᠬᠠᠨ ᠢ ᠠᠮᠲᠠᠯᠠᠭᠰᠠᠨ᠂ ᠪᠢᠴᠢᠭ ᠤᠨ | ᠦᠨᠦᠷ ᠬᠠᠩᠬᠤᠯᠤᠭᠰᠠᠨ ᠬᠠᠪᠤᠷ ᠤᠨ ᠡᠳᠦᠷ ᠤᠨ ᠪᠣᠯᠵᠤᠭ᠎ᠠ︾ ᠳᠡᠯᠡᠬᠡᠢ ᠶᠢᠨ ᠨᠣᠮ ᠤᠩᠰᠢᠬᠤ ᠡᠳᠦᠷ ᠤᠨ ᠰᠢᠷᠢᠰ ᠠᠵᠢᠯᠯᠠᠭ᠎ᠠ ᠶᠢ ᠥᠷᠨᠢᠭᠦᠯᠪᠡ᠃ ᠡᠯ᠎ᠡ ᠪᠠᠶᠢᠭᠤᠯᠭ᠎ᠠ | ᠨᠢᠭᠡᠴᠢ ᠶᠢᠨ ᠤᠳᠤᠷᠢᠳᠤᠯᠭ᠎ᠠ ᠵᠢᠴᠢ ᠡᠯ᠎ᠡ ᠳᠤᠮᠳᠠᠳᠤ᠂ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠳᠠᠷᠤᠭ᠎ᠠ᠂ ᠪᠠᠭᠰᠢ ᠶᠢᠨ ᠲᠥᠯᠥᠭᠡᠯᠡᠭᠴᠢ᠂ ᠭᠡᠷ ᠤᠨ | ᠠᠬᠠᠮᠠᠳ ᠤᠨ ᠵᠥᠪᠯᠡᠯ᠂ ᠱᠠᠩᠨᠠᠯ ᠭᠥᠷᠳᠡᠭᠰᠡᠨ ᠪᠠᠭᠰᠢ ᠰᠣᠷᠣᠭᠴᠢ ᠵᠡᠷᠭᠡ 160 ᠭᠠᠷᠤᠢ ᠬᠥᠮᠥᠨ ᠣᠷᠣᠯᠴᠠᠵᠠᠢ᠃ | | | | | ᠰᠢᠨ᠎ᠡ ᠪᠠᠷᠭᠤ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠶᠠᠷᠢᠶ᠎ᠠ ᠲᠠᠯᠪᠢᠬᠤ ᠳᠠᠭᠠᠨ | ᠲᠤᠰ ᠤᠳᠠᠭ᠎ᠠ ᠶᠢᠨ ᠠᠵᠢᠯᠯᠠᠭ᠎ᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠵᠢᠭᠠᠨ ᠭᠠᠷᠭᠠᠵᠤ᠂ ᠰᠤᠷᠭᠠᠨ ᠬᠥᠮᠦᠵᠢᠯ ᠤᠨ ᠰᠢᠰᠲ᠋ᠧᠮ ᠡᠭᠦᠷᠭᠡ ᠴᠢᠳᠠᠪᠬᠢ ᠶᠢᠨ | ᠳᠠᠪᠠᠭᠤᠯᠢᠭ ᠪᠣᠯᠣᠨ ᠤᠩᠰᠢᠯᠭ᠎ᠠ ᠶᠢᠨ ᠭᠤᠣᠯ ᠵᠢᠭᠰᠠᠭᠠᠯ ᠤᠨ ᠭᠠᠵᠠᠷ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠶᠢ ᠤᠷᠢᠶᠠᠯᠠᠵᠤ᠂ ᠥᠷᠭᠡᠨ ᠤᠯᠠᠨ ᠪᠠᠭᠰᠢ | ᠰᠤᠷᠤᠭᠴᠢᠳ ᠢ ᠰᠠᠶᠢᠨ ᠨᠣᠮ ᠤᠩᠰᠢᠵᠤ᠂ ᠨᠣᠮ ᠤᠩᠰᠢᠬᠤ ᠳᠤᠷᠠᠲᠠᠢ ᠪᠣᠯᠬᠤ ᠶᠢ ᠰᠠᠨᠠᠭᠠᠴᠢᠯᠠᠪᠠ᠃ ᠲᠤᠰ ᠤᠳᠠᠭᠠᠨ ᠤ ᠠᠵᠢᠯᠯᠠᠭ᠎ᠠ ᠶᠢᠨ ᠭᠤᠣᠯ ᠵᠠᠩᠭᠢᠯᠠᠭ᠎ᠠ | ᠪᠣᠯᠤᠭᠰᠠᠨ ᠤ ᠬᠤᠪᠢ ᠳᠤ᠂ ᠰᠢᠨ᠎ᠡ ᠪᠠᠷᠭᠤ ᠵᠡᠭᠦᠨ ᠬᠤᠰᠢᠭᠤᠨ ᠤ ᠠᠩᠬᠠᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ︽ᠵᠠᠭᠤᠨ ᠥᠰᠥᠭ ᠪᠢᠴᠢᠬᠦ︾ | ᠰᠣᠨᠣᠰᠴᠤ ᠪᠢᠴᠢᠬᠦ ᠤᠷᠤᠯᠳᠤᠭᠠᠨ ᠤ ᠱᠠᠩᠨᠠᠯ ᠣᠯᠭᠤᠬᠤ ᠶᠣᠰᠣᠯᠠᠯ ᠵᠢᠴᠢ︽ᠪᠢᠴᠢᠭ ᠤᠨ ᠰᠤᠷᠪᠤᠯᠵᠢᠲᠤ ᠰᠤᠷᠭᠠᠭᠤᠯᠢ ᠶᠢᠨ ᠬᠦᠷᠢᠶ᠎ᠡ︾ ᠶᠢᠨ ᠱᠠᠩᠨᠠᠯ ᠣᠯᠭᠤᠬᠤ | ᠶᠣᠰᠣᠯᠠᠯ ᠦᠪᠡᠳᠡᠭᠰᠢ ᠶᠡᠭᠡ ᠪᠠᠷ ᠶᠠᠪᠤᠭᠳᠠᠵᠤ᠂ ᠱᠠᠩᠨᠠᠯ ᠣᠯᠣᠭᠰᠠᠨ ᠪᠠᠭᠰᠢ ᠰᠣᠷᠣᠭᠴᠢ᠂ ᠬᠠᠮᠲᠤ ᠨᠡᠶᠢᠲᠡ ᠳᠤ ᠢᠷᠠᠭᠤ ᠠᠯᠳᠠᠷ ᠤᠨ ᠦᠨᠡᠮᠯᠡᠯ ᠣᠯᠭᠤᠵᠤ᠂ ᠲᠡᠳᠡᠨ ᠢ | ᠦᠷᠭᠦᠯᠵᠢᠯᠡᠨ ᠦᠭᠡ ᠬᠡᠯᠡ ᠥᠰᠥᠭ ᠪᠢᠴᠢᠭ ᠤᠨ ᠦᠨᠡᠨᠴᠢ ᠤᠯᠠᠮᠵᠢᠯᠠᠭᠴᠢ ᠪᠣᠯᠵᠤ᠂ ᠰᠣᠶᠣᠯ ᠤᠨ ᠰᠣᠩᠭᠤᠳᠠᠭ ᠪᠦᠲᠦᠭᠡᠯ ᠢ ᠤᠯᠠᠮᠵᠢᠯᠠᠨ ᠵᠠᠯᠭᠠᠮᠵᠢᠯᠠᠵᠤ᠂ ᠦᠭᠡ | ᠬᠡᠯᠡ ᠥᠰᠥᠭ ᠪᠢᠴᠢᠭ ᠤᠨ ᠷᠢᠳᠢ ᠰᠢᠳᠢ ᠶᠢ ᠪᠠᠳᠠᠷᠠᠭᠤᠯᠤᠨ᠂ ᠪᠢᠴᠢᠭ ᠤᠨ ᠰᠤᠷᠪᠤᠯᠵᠢᠲᠤ ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠶᠢᠭᠤᠯᠤᠯᠲᠠ ᠶᠢ | ᠭᠦᠨᠵᠡᠭᠡᠶᠢᠷᠡᠭᠦᠯᠬᠦ ᠳᠤ ᠥᠩᠭᠡ ᠪᠤᠳᠤᠭ ᠲᠠᠢ ᠬᠠᠭᠤᠳᠠᠰᠤ ᠶᠢ ᠪᠢᠴᠢᠭᠯᠡᠬᠦ ᠶᠢ ᠵᠣᠷᠢᠭᠵᠢᠭᠤᠯᠪᠠ᠃ | | | | | | ᠡᠯ᠎ᠡ ᠰᠤᠷᠭᠠᠭᠤᠯᠢ᠂ ᠬᠡᠦᠬᠡᠳ ᠤᠨ ᠴᠡᠴᠡᠷᠯᠢᠭ ᠰᠣᠩᠭᠤᠳᠠᠭ ᠵᠣᠬᠢᠶᠠᠯ ᠢ ᠤᠩᠰᠢᠬᠤ᠂ ᠬᠥᠭᠵᠢᠮ ᠬᠥᠭᠵᠢᠮᠳᠡᠬᠦ᠂ ᠤᠳᠤ ᠦᠶ᠎ᠡ ᠶᠢᠨ ᠪᠥᠵᠢᠭ ᠵᠡᠷᠭᠡ | ᠬᠡᠯᠪᠡᠷᠢ ᠪᠠᠷ ᠰᠢᠨ᠎ᠡ ᠪᠠᠷᠭᠤ ᠵᠡᠭᠦᠨ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ | ᠪᠠᠶᠢᠳᠠᠯ ᠪᠣᠯᠣᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠲᠤ ᠬᠠᠨᠳᠤᠭᠤᠯᠤᠭᠰᠠᠨ ᠬᠠᠶᠢᠷ᠎ᠠ ᠰᠡᠳᠬᠢᠯᠭᠡ ᠶᠢ ᠳᠡᠯᠭᠡᠨ ᠦᠵᠡᠭᠦᠯᠵᠡᠢ᠃ ᠰᠤᠷᠭᠠᠨ | ᠬᠥᠮᠦᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠲᠣᠰ ᠤᠳᠠᠭᠠᠨ ᠤ ᠠᠵᠢᠯᠯᠠᠭ᠎ᠠ ᠶᠢ ᠳ᠋ᠦᠩᠨᠡᠵᠦ᠂ ᠪᠥᠬᠦ ᠰᠢᠰᠲ᠋ᠧᠮ ᠤᠨ ᠪᠥᠬᠦ ᠪᠠᠭᠰᠢ ᠰᠤᠷᠤᠭᠴᠢᠳ ᠲᠤ ᠶᠡᠭᠡ | ᠬᠦᠰᠡᠯ ᠡᠷᠡᠮᠡᠯᠵᠡᠯ ᠲᠠᠯᠪᠢᠵᠤ᠂ ᠲᠣᠰ ᠤᠳᠠᠭᠠᠨ ᠤ ᠠᠵᠢᠯᠯᠠᠭ᠎ᠠ ᠪᠠᠷ ᠡᠬᠢᠯᠡᠯᠲᠡ ᠪᠣᠯᠭᠠᠵᠤ᠂ ᠨᠣᠮ ᠤᠩᠰᠢᠬᠤ ᠪᠠᠷ ᠨᠢᠭᠡ ᠵᠦᠢᠯ ᠤᠨ ᠠᠮᠢᠳᠤᠷᠠᠯ ᠤᠨ ᠠᠷᠭ᠎ᠠ ᠮᠠᠶ᠋ᠢᠭ | ᠪᠣᠯᠭᠠᠵᠤ᠂ ᠨᠣᠮ ᠤᠩᠰᠢᠬᠤ ᠳᠤᠮᠳᠠ ᠠᠴᠠ ᠤᠮᠠᠷᠠᠲᠤ ᠬᠢᠯᠢ ᠶᠢᠨ ᠰᠣᠶᠣᠯ ᠤᠨ ᠭᠦᠨ ᠠᠭᠤᠯᠬᠤᠨ ᠢ ᠣᠶᠢᠯᠠᠭᠠᠵᠤ᠂ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ | ᠣᠯᠬᠤ ᠶᠢ ᠬᠦᠰᠡᠵᠦ ᠪᠠᠶᠢᠨ᠎ᠠ ᠭᠡᠵᠡᠢ᠃ | ᠲᠣᠰ ᠤᠳᠠᠭᠠᠨ ᠤ ᠠᠵᠢᠯᠯᠠᠭ᠎ᠠ ᠶᠢ ᠠᠮᠵᠢᠯᠲᠠ ᠲᠠᠢ ᠡᠷᠭᠢᠯᠡᠭᠰᠡᠨ ᠨᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ | ᠬᠥᠮᠦᠵᠢᠯ ᠤᠨ ᠵᠢᠭᠠᠨ ᠰᠤᠷᠭᠠᠯᠲᠠ ᠶᠢᠨ ᠠᠵᠢᠯ ᠤᠨ ᠴᠢᠬᠤᠯᠠ ᠦᠢᠯᠡᠳᠦᠯᠭᠡ ᠶᠢ ᠠᠬᠢᠭᠤᠯᠵᠤ᠂ ᠪᠥᠬᠦ ᠬᠤᠰᠢᠭᠤᠨ ᠤ ᠪᠠᠭᠰᠢ ᠰᠤᠷᠤᠭᠴᠢᠳ ᠤᠨ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠰᠤᠷᠤᠯᠴᠠᠬᠤ ᠢᠳᠡᠪᠬᠢᠵᠢᠯ ᠢ ᠤᠯᠠᠮ ᠨᠢᠭᠡ ᠠᠯᠬᠤᠮ ᠬᠥᠭᠵᠢᠭᠡᠨ᠂ ᠰᠤᠷᠤᠭᠴᠢᠳ ᠢ ᠬᠠᠷᠠᠬᠠᠨ ᠪᠠᠭ᠎ᠠ ᠠᠴᠠ ᠪᠠᠨ | ᠵᠢᠷᠤᠮᠵᠢᠯ ᠲᠠᠢ ᠪᠢᠴᠢᠬᠦ᠂ ᠨᠣᠮ ᠤᠩᠰᠢᠬᠤ ᠳᠤᠷᠠᠲᠠᠢ ᠰᠠᠶᠢᠨ ᠰᠠᠶᠢᠬᠠᠨ ᠳᠠᠳᠬᠠᠯ ᠲᠠᠢ ᠪᠣᠯᠭᠠᠵᠤ᠂ ᠨᠣᠮ ᠤᠨ ᠦᠨᠦᠷ ᠠᠮᠲᠠ ᠶᠢ ᠰᠢᠩᠭᠡᠭᠡᠵᠦ᠂ ᠰᠣᠩᠭᠤᠳᠠᠭ | ᠵᠣᠬᠢᠶᠠᠯ ᠢ ᠤᠮᠳᠠᠯᠠᠬᠤ ᠪᠣᠯᠭᠠᠬᠤ ᠪᠠᠷ ᠬᠥᠲᠥᠯᠥᠨ ᠵᠢᠯᠣᠭᠤᠳᠪᠠ᠃ ᠡᠭᠦᠨ ᠤ ᠬᠠᠮᠲᠤ᠂ ᠡᠯ᠎ᠡ ᠰᠤᠷᠭᠠᠭᠤᠯᠢ ᠳᠤ ᠰᠣᠯᠢᠯᠴᠠᠨ ᠲᠣᠯᠢᠯᠠᠬᠤ ᠲᠠᠪᠴᠠᠩ ᠪᠠᠶᠢᠭᠤᠯᠵᠤ᠂ | ᠥᠯᠢᠭᠡᠷ ᠳᠠᠭᠤᠷᠢᠶᠠᠯ ᠤᠨ ᠬᠦᠴᠦᠨ ᠢᠶᠠᠷ ᠪᠥᠬᠦ ᠬᠤᠰᠢᠭᠤᠨ ᠤ ᠪᠢᠴᠢᠭ ᠤᠨ ᠰᠤᠷᠪᠤᠯᠵᠢᠲᠤ ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠶᠢᠭᠤᠯᠤᠯᠲᠠ ᠶᠢ | ᠳᠠᠶᠢᠴᠢᠯᠠᠨ ᠰᠢᠨ᠎ᠡ ᠳᠡᠭᠲᠡᠷ ᠲᠤ ᠭᠠᠷᠭᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠷᠢᠳᠢ ᠰᠢᠳᠢ ᠶᠢ ᠰᠤᠷᠭᠠᠭᠤᠯᠢ ᠶᠢᠨ ᠬᠦᠷᠢᠶ᠎ᠡ | ᠪᠣᠯᠭᠠᠨ ᠳᠤ ᠳᠡᠯᠭᠡᠷᠡᠭᠦᠯᠵᠦ᠂ ᠤᠩᠰᠢᠯᠭ᠎ᠠ ᠶᠢᠨ ᠴᠡᠴᠡᠭ ᠢ ᠲᠠᠯ᠎ᠠ ᠨᠤᠲᠤᠭ ᠲᠤ ᠥᠩᠭᠡ ᠢᠯᠭᠠᠷᠠᠭᠤᠯᠤᠨ᠎ᠠ᠃ | | |