ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠵᠡᠭᠦᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 136 ᠳ᠋ᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/24
          4 ᠰᠠᠷ᠎ᠠ ᠶᠢᠨ 23 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠵᠡᠭᠦᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 136 ᠳ᠋ᠤᠭᠠᠷ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠬᠤᠷᠠᠯ ᠡᠷᠭᠢᠯᠡᠪᠡ᠃ ᠦ᠋ ᠰᠢᠤᠸᠠᠢ ᠶᠦᠩ᠂ ᠪᠠᠢ ᠵᠧᠨ ᠰᠢᠶᠠᠨ ᠵᠡᠷᠭᠡ ᠬᠤᠰᠢᠭᠤᠨ ᠤ ᠤᠳᠤᠷᠢᠳᠤᠯᠭ᠎ᠠ ᠬᠤᠷᠠᠯ ᠳᠤ ᠣᠷᠣᠯᠴᠠᠵᠠᠢ᠃          ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠪᠣᠯᠣᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤ ᠰᠣᠶᠣᠯ ᠤᠨ ᠢᠲᠡᠭᠡᠯ ᠪᠠ ᠰᠣᠶᠣᠯ ᠤᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ︽ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ︾ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠪᠠᠷᠭᠤ ᠵᠡᠭᠦᠨ ᠬᠤᠰᠢᠭᠤᠨ ᠤ ᠥᠯᠢᠭᠡᠷ ᠢ ᠭᠦᠨᠵᠡᠭᠡᠢ ᠠᠭᠤᠳᠠᠯᠤᠨ ᠰᠠᠶᠢᠲᠤᠷ ᠶᠠᠷᠢᠬᠤ ᠬᠡᠷᠡᠭᠲᠡᠢ᠃          ᠬᠤᠷᠠᠯ ᠠᠴᠠ ᠡᠯ᠎ᠡ ᠰᠤᠮᠤ ᠪᠠᠯᠭᠠᠰᠤ ᠶᠢᠨ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠲᠤᠷᠰᠢᠯᠲᠠ ᠶᠢᠨ ᠭᠠᠴᠠᠭ᠎ᠠ ᠶᠢᠨ ᠠᠵᠢᠯ ᠢ ᠠᠬᠢᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠤᠮᠤ ᠪᠠᠯᠭᠠᠰᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠲᠤᠷᠰᠢᠯᠲᠠ ᠶᠢᠨ ᠭᠠᠴᠠᠭ᠎ᠠ ᠶᠢᠨ ᠠᠵᠢᠯ ᠢ ᠣᠳᠣᠬᠠᠨ ᠤ ᠭᠤᠣᠯᠳᠠᠯᠭ᠎ᠠ ᠲᠠᠢ ᠡᠭᠦᠷᠭᠡ ᠪᠣᠯᠭᠠᠵᠤ᠂ ᠬᠥᠯᠥᠨ ᠪᠤᠶᠢᠷ ᠬᠤᠲᠠ ᠶᠢᠨ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠬᠦ ᠶᠢᠨ ᠲᠣᠭᠤᠷᠢᠨ ᠳᠤ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ 15 ᠬᠥᠮᠥᠨ ᠤ ᠲᠥᠰᠥᠯ ᠤᠨ ᠠᠭᠤᠯᠭ᠎ᠠ ᠶᠢᠨ ᠲᠣᠭᠤᠷᠢᠨ ᠳᠤ᠂ ᠰᠢᠰᠲ᠋ᠧᠮ ᠲᠠᠢ ᠪᠠᠷ ᠠᠵᠢᠯ ᠢᠶᠠᠨ ᠲᠥᠯᠥᠪᠵᠢᠭᠦᠯᠬᠦ ᠬᠡᠷᠡᠭᠲᠡᠢ ᠭᠡᠵᠡᠢ᠃ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠭᠠᠴᠠᠭ᠎ᠠ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢ ᠴᠢᠯᠦᠭᠡᠲᠡᠢ ᠪᠣᠯᠭᠠᠬᠤ᠂ ᠠᠵᠤ ᠦᠢᠯᠡᠰ ᠢ ᠠᠭᠤᠰᠤᠯᠴᠠᠭᠤᠯᠬᠤ ᠵᠡᠷᠭᠡ ᠲᠠᠯ᠎ᠠ ᠪᠠᠷ ᠨᠠᠷᠢᠯᠢᠭ ᠣᠨᠣᠴᠠᠲᠠᠢ ᠪᠠᠷ ᠬᠦᠴᠦᠯᠡᠵᠦ᠂ ᠲᠤᠷᠰᠢᠯᠲᠠ ᠶᠢᠨ ᠴᠡᠭ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠬᠤ ᠬᠡᠷᠡᠭᠲᠡᠢ᠃          ᠬᠤᠷᠠᠯ ᠠᠴᠠ ᠳᠡᠭᠡᠳᠦ ᠱᠠᠲᠤᠨ ᠤ ᠡᠯ᠎ᠡ ᠲᠦᠷᠦᠯ ᠤᠨ ᠲᠣᠭᠤᠷᠢᠨ ᠪᠠᠶᠢᠴᠠᠭᠠᠯᠲᠠ ᠴᠠᠭᠳᠠᠨ ᠪᠠᠶᠢᠴᠠᠭᠠᠯᠲᠠ᠂ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠪᠣᠯᠣᠨ ᠬᠢᠨᠠᠯᠲᠠ ᠲᠠᠯᠪᠢᠬᠤ ᠲᠠᠪᠴᠠᠩ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠭᠦᠨᠵᠡᠭᠡᠢ ᠲᠤᠭᠤᠰᠢᠯᠠᠭᠤᠯᠤᠨ᠂ ︽ᠬᠠᠳᠠᠭᠠᠰᠤ ᠬᠠᠳᠠᠬᠤ︾ ᠵᠣᠷᠢᠭ ᠰᠠᠨᠠᠭ᠎ᠠ ᠪᠠᠷ ᠴᠡᠭᠴᠡᠯᠡᠨ ᠰᠠᠶᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠶᠢ ᠲᠦᠯᠬᠢᠨ ᠠᠬᠢᠭᠤᠯᠵᠤ᠂ ︽ᠣᠷᠳᠣ ᠬᠤᠭᠤᠴᠠᠭᠠᠨ ᠤ ᠪᠦᠲᠦᠮᠵᠢᠲᠡᠶ︾ ᠲᠣᠭᠲᠠᠴᠠ ᠪᠠᠷ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠪᠠᠲᠤᠳᠬᠠᠬᠤ ᠬᠡᠷᠡᠭᠲᠡᠢ ᠭᠡᠵᠡᠢ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ