4 ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ︽ᠵᠡᠭᠦᠨ | ᠬᠤᠰᠢᠭᠤᠨ ᠤ ᠲᠠᠷᠢᠶᠠᠯᠠᠩ ᠤᠨ ᠲᠠᠯᠠᠪᠠᠶ︾᠂ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠥᠬᠦ ᠰᠢᠶᠠᠨ ᠢᠶᠠᠷ ᠢᠶᠠᠨ ᠲᠦᠯᠬᠢᠨ ᠠᠬᠢᠭᠤᠯᠬᠤ | ᠲᠥᠷᠥᠯ ᠵᠦᠢᠯ ᠤᠨ ᠲᠤᠬᠠᠢ ᠶᠢᠨ ᠭᠠᠵᠠᠷ ᠵᠢᠴᠢ ᠡᠪᠡᠳᠴᠢᠨ ᠢᠶᠠᠷ ᠦᠬᠦᠭᠰᠡᠨ ᠮᠠᠯ ᠢ ᠬᠤᠣᠷ ᠦᠭᠡᠢ ᠪᠣᠯᠭᠠᠨ ᠰᠢᠢᠳᠪᠦᠷᠢᠯᠡᠬᠦ ᠲᠥᠷᠥᠯ ᠵᠦᠢᠯ ᠤᠨ ᠪᠡᠯᠡᠳᠬᠡᠯ | ᠭᠠᠵᠠᠷ ᠲᠤ ᠭᠦᠨᠵᠡᠭᠡᠶᠢᠷᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ᠭᠤᠣᠯᠳᠠᠯᠭ᠎ᠠ ᠲᠠᠢ ᠲᠥᠷᠥᠯ ᠵᠦᠢᠯ ᠤᠨ ᠲᠤᠬᠠᠢ | ᠪᠠᠶᠢᠴᠠᠭᠠᠨ ᠰᠤᠳᠤᠯᠤᠯᠲᠠ ᠬᠢᠵᠦ ᠰᠢᠮᠳᠠᠭᠤᠯᠤᠨ ᠵᠢᠯᠣᠭᠤᠳᠪᠠ᠃ ᠬᠤᠰᠢᠭᠤᠨ ᠤ ᠤᠳᠤᠷᠢᠳᠤᠯᠭ᠎ᠠ ᠬᠠᠳᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠪᠠᠷ᠎ᠠ ᠪᠣᠯᠪᠠ᠃ | ︽ᠵᠡᠭᠦᠨ ᠬᠤᠰᠢᠭᠤᠨ ᠤ ᠲᠠᠷᠢᠶᠠᠯᠠᠩ ᠤᠨ ᠲᠠᠯᠠᠪᠠᠢ︾ ᠳᠤ᠂ ᠦ᠋ ᠰᠢᠤᠸᠠᠢ ᠶᠦᠩ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠵᠢᠴᠢ | ᠲᠠᠷᠢᠮᠠᠯ ᠤᠨ ᠠᠵᠢᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠡᠭᠦᠨ ᠤ ᠬᠠᠮᠲᠤ ᠴᠢᠬᠤᠯᠠᠴᠢᠯᠠᠭᠰᠠᠨ ᠨᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ | ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠠᠵᠤ ᠠᠬᠤᠶᠢᠯᠠᠯ ᠯᠤᠭ᠎ᠠ ᠶᠢᠨ ᠨᠡᠪᠲᠡᠷᠡᠯᠴᠡᠭᠡ ᠵᠣᠯᠭᠠᠯᠴᠠᠭ᠎ᠠ ᠪᠠᠨ ᠴᠢᠩᠭᠠᠳᠬᠠᠵᠤ᠂ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠵᠢᠴᠢ ᠠᠵᠤ ᠠᠬᠤᠶᠢᠯᠠᠯ ᠤᠨ ᠲᠠᠷᠢᠮᠠᠯ ᠤᠨ ᠠᠵᠢᠯ ᠤᠨ ᠠᠬᠢᠴᠠ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠡᠭᠦᠨ ᠤ ᠬᠠᠮᠲᠤ᠂ ᠪᠠᠷᠢᠯᠭ᠎ᠠ ᠶᠢᠨ | ᠬᠤᠭᠤᠴᠠᠭ᠎ᠠ ᠶᠢ ᠲᠣᠬᠢᠷᠠᠭᠤᠯᠤᠨ ᠵᠢᠭᠰᠠᠭᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢ ᠬᠤᠭᠤᠴᠠᠭ᠎ᠠ ᠶᠣᠰᠣᠭᠠᠷ ᠳᠠᠭᠤᠰᠬᠠᠬᠤ ᠶᠢᠨ ᠬᠠᠮᠲᠤ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ | ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠦᠬᠦ ᠰᠢᠶᠠᠨ ᠢᠶᠠᠷ ᠠᠬᠢᠭᠤᠯᠬᠤ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ | ᠦ᠋ ᠰᠢᠤᠸᠠᠢ ᠶᠦᠩ ᠠᠵᠤ ᠠᠬᠤᠶᠢᠯᠠᠯ ᠤᠨ ᠲᠤᠷᠰᠢᠨ ᠠᠵᠢᠯᠯᠠᠵᠤ ᠪᠠᠶᠢᠭ᠎ᠠ ᠪᠠᠶᠢᠳᠠᠯ ᠢ ᠭᠦᠨᠵᠡᠭᠡᠢ ᠣᠶᠢᠯᠠᠭᠠᠪᠠ᠃ ᠡᠭᠦᠨ ᠤ ᠬᠠᠮᠲᠤ ᠱᠠᠭᠠᠷᠳᠠᠭᠰᠠᠨ ᠨᠢ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠡᠵᠡᠩᠨᠡᠯᠲᠡ ᠶᠢᠨ ᠠᠵᠤ ᠠᠬᠤᠶᠢᠯᠠᠯ ᠯᠤᠭ᠎ᠠ ᠶᠢᠨ ᠨᠡᠪᠲᠡᠷᠡᠯᠴᠡᠭᠡ ᠪᠠᠨ ᠴᠢᠩᠭᠠᠳᠬᠠᠵᠤ᠂ ᠠᠵᠢᠯᠯᠠᠭᠠᠨ ᠤ ᠶᠠᠪᠤᠴᠠ ᠳᠤ | ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠲᠤᠷᠰᠢᠨ ᠠᠵᠢᠯᠯᠠᠭᠤᠯᠬᠤ ᠠᠴᠠ ᠲᠤᠬᠠᠢ ᠶᠢᠨ ᠭᠠᠵᠠᠷ | ᠲᠤᠨᠢ ᠠᠵᠢᠯᠯᠠᠭᠤᠯᠬᠤ ᠶᠢ ᠲᠦᠷᠭᠡᠳᠬᠡᠨ ᠠᠬᠢᠭᠤᠯᠵᠤ᠂ ᠲᠥᠷᠥᠯ ᠵᠦᠢᠯ ᠤᠨ ᠠᠮᠢ ᠠᠬᠤᠢ ᠶᠢᠨ ᠦᠷ᠎ᠡ ᠠᠰᠢᠭ ᠬᠢᠭᠡᠳ ᠠᠵᠤ ᠠᠬᠤᠢ ᠶᠢᠨ ᠦᠷ᠎ᠡ ᠠᠰᠢᠭ ᠤᠨ | ᠣᠷᠭᠠᠨᠢᠭ ᠨᠢᠭᠡᠳᠦᠯ ᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠵᠡᠢ᠃ | ᠡᠪᠡᠳᠴᠢᠨ ᠢᠶᠠᠷ ᠦᠬᠦᠭᠰᠡᠨ ᠮᠠᠯ ᠢ ᠬᠤᠣᠷ ᠦᠭᠡᠢ ᠪᠣᠯᠭᠠᠨ ᠰᠢᠢᠳᠪᠦᠷᠢᠯᠡᠬᠦ ᠲᠥᠷᠥᠯ ᠵᠦᠢᠯ ᠤᠨ ᠪᠡᠯᠡᠳᠬᠡᠯ ᠭᠠᠵᠠᠷ ᠲᠤ᠂ ᠦ᠋ ᠰᠢᠤᠸᠠᠢ ᠶᠦᠩ | ᠲᠤᠬᠠᠢ ᠶᠢᠨ ᠭᠠᠵᠠᠷ ᠲᠤᠨᠢ ᠭᠠᠵᠠᠷ ᠰᠢᠷᠣᠢ ᠶᠢᠨ ᠨᠥᠬᠦᠴᠡᠯ ᠢ ᠰᠢᠨᠵᠢᠯᠡᠨ ᠪᠠᠶᠢᠴᠠᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠠᠵᠢᠯ ᠤᠨ ᠦᠷ᠎ᠡ | ᠪᠦᠲᠦᠮᠵᠢ ᠪᠠᠨ ᠳᠡᠭᠡᠭᠰᠢᠯᠡᠭᠦᠯᠵᠦ᠂ ᠲᠥᠷᠥᠯ ᠵᠦᠢᠯ ᠤᠨ ᠭᠠᠵᠠᠷ ᠰᠣᠩᠭᠤᠬᠤ ᠶᠢ ᠲᠦᠷᠭᠡᠬᠡᠨ ᠲᠣᠭᠲᠠᠭᠠᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ | ᠭᠠᠷᠳᠠᠮ ᠢ ᠭᠦᠢᠴᠡᠳᠬᠡᠬᠦ ᠠᠵᠢᠯ ᠢ ᠵᠡᠷᠭᠡ ᠪᠠᠷ ᠲᠦᠯᠬᠢᠨ ᠠᠬᠢᠭᠤᠯᠵᠤ᠂ ᠲᠥᠷᠥᠯ ᠵᠦᠢᠯ ᠤᠨ ᠤᠷᠤᠭᠰᠢᠲᠠᠢ ᠨᠠᠶᠢᠳᠠᠪᠤᠷᠢᠵᠢᠭᠤᠯᠤᠭᠳᠠᠬᠤ ᠳᠤ ᠪᠠᠲᠤ ᠪᠠᠬᠢ | ᠰᠠᠭᠤᠷᠢ ᠲᠠᠯᠪᠢᠬᠤ ᠬᠡᠷᠡᠭᠲᠡᠢ ᠭᠡᠵᠡᠢ᠃ | ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠦ᠋ ᠰᠢᠤᠸᠠᠢ ᠶᠦᠩ ᠴᠢᠬᠤᠯᠠᠴᠢᠯᠠᠭᠰᠠᠨ ᠨᠢ᠂ ᠡᠯ᠎ᠡ ᠪᠠᠩᠬᠢ ᠶᠢᠨ ᠬᠠᠮᠢᠶᠠᠷᠤᠯᠲᠠ ᠶᠢᠨ | ᠰᠠᠯᠠᠭ᠎ᠠ ᠮᠥᠴᠢᠷ ᠠᠵᠤ ᠠᠬᠤᠶᠢᠯᠠᠯ ᠢ ᠱᠠᠯᠠᠪᠳᠠᠭᠤᠯᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ | ᠬᠤᠭᠤᠴᠠᠭ᠎ᠠ ᠶᠢ ᠠᠮᠵᠢᠨ ᠠᠳᠬᠤᠬᠤ ᠶᠢᠨ ᠬᠠᠮᠲᠤ ᠪᠠᠷᠢᠯᠭ᠎ᠠ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠡᠢ᠃ |