ᠬᠥᠮᠥᠨ ᠤ ᠪᠡᠶ᠎ᠡ ᠶᠢᠨ ︽ᠬᠥᠳᠡᠯᠭᠡᠭᠦᠷ︾ ᠪᠣᠯᠤᠭᠰᠠᠨ ᠤ ᠬᠤᠪᠢ ᠳᠤ᠂ ᠵᠢᠷᠦᠬᠡ ᠲᠠᠰᠤᠷᠠᠯᠲᠠ ᠦᠭᠡᠢ ᠴᠢᠰᠤ ᠶᠢ ᠬᠥᠭᠡᠷᠭᠡᠳᠡᠬᠦ ᠪᠠᠷ ᠳᠠᠮᠵᠢᠨ ᠡᠨᠧᠷᠭᠢ | ᠪᠠ ᠬᠦᠴᠢᠯᠲᠥ᠋ᠷᠥᠭᠴᠢ ᠶᠢ ᠬᠦᠷᠭᠡᠵᠦ᠂ ᠪᠡᠶ᠎ᠡ ᠶᠢᠨ ᠡᠯ᠎ᠡ ᠡᠷᠬᠡᠲᠡᠨ ᠤ ᠬᠡᠪ ᠤᠨ ᠠᠵᠢᠯᠯᠠᠭ᠎ᠠ ᠶᠢ ᠪᠠᠲᠤᠯᠠᠳᠠᠭ᠃ ᠬᠡᠳᠦᠶᠢᠪᠡᠷ ᠲᠡᠷᠡ ᠨᠢ ᠦᠵᠡᠬᠦ ᠳᠤ ᠡᠪᠳᠡᠷᠡᠰᠢ | ᠦᠭᠡᠢ ᠪᠠᠲᠤ ᠪᠠᠬᠢ ᠪᠣᠯᠪᠠᠴᠤ ᠦᠨᠡᠨ ᠳᠡᠭᠡᠨ ᠲᠤᠶᠢᠯ ᠤᠨ ᠬᠡᠪᠡᠷᠡᠭ ᠡᠷᠬᠡᠲᠡᠨ ᠤ ᠨᠢᠭᠡ ᠨᠢ ᠪᠣᠯᠬᠤ ᠶᠤᠮ᠃ ᠨᠢᠭᠡ ᠡᠳᠦᠷ ᠤᠨ ᠳᠣᠲᠣᠷ᠎ᠠ ᠵᠢᠷᠦᠬᠡᠨ ᠤ ᠬᠠᠮᠤᠭ | ᠬᠡᠪᠡᠷᠡᠭ ᠭᠤᠷᠪᠠᠨ ᠴᠠᠭ ᠮᠥᠴᠡ ᠳᠤ᠂ ᠦᠵᠡᠬᠦ ᠳᠤ ᠬᠤᠣᠷ ᠦᠭᠡᠢ ᠰᠢᠭ ᠡᠳᠦᠷ ᠲᠤᠲᠤᠮ ᠤᠨ ᠵᠠᠷᠢᠮ ᠳᠠᠳᠬᠠᠯ ᠨᠢ ᠦᠨᠡᠨ ᠳᠡᠭᠡᠨ ᠵᠢᠷᠦᠬᠡᠨ ᠤ ᠴᠢᠨᠢ ᠡᠷᠡᠭᠦᠯ | ᠮᠡᠨᠳᠦ ᠶᠢ ᠰᠡᠮᠬᠡᠨ ᠬᠤᠬᠢᠷᠠᠭᠤᠯᠵᠤ ᠪᠠᠶᠢᠳᠠᠭ᠃ | ᠡᠳᠦᠷ ᠲᠤ ᠵᠢᠷᠦᠬᠡ ᠬᠠᠮᠤᠭ ᠬᠡᠪᠡᠷᠡᠭ ᠪᠠᠶᠢᠳᠠᠭ ᠭᠤᠷᠪᠠᠨ ᠴᠠᠭ ᠪᠠᠶᠢᠨ᠎ᠠ | ᠬᠠᠷᠠᠮᠥ᠋ᠷᠡᠨ ᠮᠤᠵᠢ ᠶᠢᠨ ᠡᠮᠨᠡᠯᠭᠡ ᠶᠢᠨ ᠬᠤᠷᠢᠶᠠᠨ ᠤ ᠵᠢᠷᠦᠬᠡᠨ ᠤ ᠳᠣᠲᠣᠷ ᠰᠠᠯᠠᠭᠠᠨ ᠤ ᠡᠷᠬᠢᠯᠡᠭᠴᠢ ᠵᠣᠣ ᠬᠤᠩ 2024 ᠣᠨ ᠳᠤ ᠬᠤᠪᠢ ᠬᠥᠮᠥᠨ ᠤ | ᠸᠢᠴᠠᠲ ᠤᠨ ᠠᠯᠪᠠᠨ ᠳ᠋ᠤᠭᠠᠷ ᠲᠤ ᠵᠣᠬᠢᠶᠠᠯ ᠨᠡᠶᠢᠲᠡᠯᠡᠵᠦ ᠲᠠᠨᠢᠯᠴᠠᠭᠤᠯᠬᠤ ᠳᠠᠭᠠᠨ᠂ ᠨᠢᠭᠡ ᠡᠳᠦᠷ ᠤᠨ ᠳᠣᠲᠣᠷ᠎ᠠ ᠭᠤᠷᠪᠠᠨ ᠴᠠᠭ ᠦᠶ᠎ᠡ ᠳᠤ ᠵᠢᠷᠦᠬᠡ ᠨᠢ | ᠬᠠᠮᠤᠭ ᠤᠨ ᠬᠡᠪᠡᠷᠡᠭ ᠪᠠᠶᠢᠳᠠᠭ ᠭᠡᠵᠦ ᠲᠠᠨᠢᠯᠴᠠᠭᠤᠯᠵᠠᠢ᠃ | 1.ᠥᠷᠯᠥᠭᠡ᠄ 6 ~ 8 ᠴᠠᠭ | ᠥᠷᠯᠥᠭᠡ ᠪᠣᠯ ᠵᠢᠷᠦᠬᠡ ᠴᠢᠰᠤᠨ ᠰᠤᠳᠠᠯ ᠤᠨ ᠡᠪᠡᠳᠴᠢᠨ ᠡᠭᠦᠰᠬᠦ ᠣᠷᠭᠢᠯ ᠤᠨ ᠦᠶ᠎ᠡ ᠮᠥᠨ᠂ ᠡᠨᠡ ᠬᠦ ᠦᠵᠡᠭᠳᠡᠯ ᠢ ︽ᠥᠷᠯᠥᠭᠡ ᠶᠢᠨ ᠣᠷᠭᠢᠯ ᠤᠨ | ᠦᠵᠡᠭᠳᠡᠯ︾ ᠭᠡᠳᠡᠭ᠃ ᠡᠭᠦᠨ ᠤ ᠰᠢᠯᠲᠠᠭᠠᠨ ᠨᠢ᠂ ᠨᠢᠭᠡ ᠰᠥᠨᠢ ᠠᠮᠠᠷᠠᠭᠰᠠᠨ ᠤ ᠳᠠᠷᠠᠭ᠎ᠠ᠂ ᠬᠥᠮᠥᠨ ᠤ ᠪᠡᠶ᠎ᠡ ᠶᠢᠨ ᠤᠰᠤ ᠨᠢ ᠠᠯᠳᠠᠭᠳᠠᠵᠤ᠂ ᠴᠢᠰᠤ ᠨᠢ | ᠬᠠᠷᠢᠴᠠᠩᠭᠤᠢ ᠪᠠᠷ ᠥᠳᠬᠡᠷᠡᠵᠦ᠂ ᠴᠢᠰᠤᠨ ᠤᠷᠤᠰᠬᠠᠯ ᠤᠨ ᠬᠤᠷᠳᠤᠴᠠ ᠨᠢ ᠤᠳᠠᠭᠠᠰᠢᠷᠠᠳᠠᠭ᠃ ᠬᠡᠷᠪᠡ ᠡᠨᠡ ᠦᠶ᠎ᠡ ᠳᠤ ᠪᠢᠳᠡ ᠪᠣᠰᠣᠭᠠᠳ ᠬᠥᠳᠡᠯᠭᠡᠭᠡᠨ | ᠬᠢᠬᠦ ᠪᠠᠷ ᠶᠠᠭᠠᠷᠠᠪᠠᠯ᠂ ᠴᠢᠰᠤᠨ ᠳᠠᠷᠤᠯᠲᠠ ᠦᠳᠲᠡᠷ ᠲᠦᠷᠭᠡᠨ ᠳᠡᠭᠡᠭᠰᠢᠯᠡᠵᠦ᠂ ᠵᠢᠷᠦᠬᠡᠨ ᠤ ᠳᠠᠭᠠᠭᠠᠬᠤ ᠳᠠᠷᠤᠯᠲᠠ ᠴᠤ ᠳᠠᠭᠠᠯᠳᠤᠨ ᠨᠡᠮᠡᠭᠳᠡᠨ᠎ᠡ᠃ᠡᠶᠢᠮᠦ ᠠᠴᠠ | ᠪᠣᠰᠬᠤ ᠳᠠᠭᠠᠨ ᠬᠡᠲᠦᠷᠬᠡᠢ ᠶᠠᠭᠠᠷᠠᠵᠤ ᠪᠣᠯᠬᠤ ᠦᠭᠡᠢ᠃ ᠰᠡᠷᠢᠭᠰᠡᠨ ᠤ ᠳᠠᠷᠠᠭ᠎ᠠ ᠤᠷᠢᠳ ᠢᠶᠠᠷ ᠲᠠᠶᠢᠪᠤᠩ ᠬᠡᠪᠲᠡᠵᠦ᠂ ᠪᠡᠶ᠎ᠡ ᠪᠠᠨ ᠠᠭᠠᠵᠢᠮ ᠢᠶᠠᠷ ᠵᠣᠬᠢᠴᠠᠭᠤᠯᠤᠨ᠎ᠠ᠂ | ᠳᠠᠷᠠᠭ᠎ᠠ ᠨᠢ ᠨᠢᠭᠡ ᠴᠣᠮᠣ ᠪᠦᠯᠢᠶᠡᠨ ᠤᠰᠤ ᠤᠤᠭᠤᠵᠤ᠂ ᠴᠢᠰᠤ ᠪᠠᠨ ᠰᠢᠩᠭᠡᠷᠡᠭᠦᠯᠵᠦ᠂ ᠵᠢᠷᠦᠬᠡᠨ ᠤ ᠪᠠᠨ ᠳᠠᠷᠤᠭᠠᠰᠤ ᠶᠢ ᠬᠥᠩᠭᠡᠯᠡᠨ᠎ᠡ᠃ ᠥᠷᠯᠥᠭᠡ ᠶᠢᠨ | ᠬᠤᠭᠤᠯᠠᠨ ᠳᠤ ᠪᠠᠰᠠ ᠬᠡᠲᠦᠷᠬᠡᠢ ᠲᠣᠰᠣᠯᠢᠭ ᠪᠤᠶᠤ ᠬᠡᠲᠦᠷᠬᠡᠢ ᠱᠣᠷᠪᠣᠭ ᠢᠳᠡᠭᠡᠨ ᠢᠳᠡᠬᠦ ᠠᠴᠠ ᠵᠠᠶᠢᠯᠠᠰᠬᠢᠬᠦ ᠬᠡᠷᠡᠭᠲᠡᠢ᠃ | 2.ᠦᠳᠡ ᠶᠢᠨ ᠡᠮᠦᠨ᠎ᠡ᠄ 9~11 ᠴᠠᠭ | ᠡᠨᠡ ᠬᠦ ᠬᠤᠭᠤᠴᠠᠭᠠᠨ ᠳᠤ ᠴᠢᠰᠤᠨ ᠳᠠᠷᠤᠯᠲᠠ ᠶᠡᠷᠦ ᠳᠡᠭᠡᠨ ᠨᠢᠭᠡ ᠡᠳᠦᠷ ᠤᠨ ᠥᠨᠳᠥᠷ ᠤᠷᠬᠢᠯ ᠳᠤ ᠬᠦᠷᠬᠦ ᠶᠢᠨ ᠬᠠᠮᠲᠤ ᠰᠣᠯᠪᠢᠭᠤ ᠮᠡᠳᠡᠷᠡᠯ ᠪᠠᠰᠠ | ᠳᠡᠭᠡᠳᠦ ᠬᠡᠮᠵᠢᠶᠡᠨ ᠤ ᠬᠥᠭᠡᠷᠦᠯᠲᠡ ᠶᠢᠨ ᠪᠠᠶᠢᠳᠠᠯ ᠳᠤ ᠣᠷᠣᠳᠠᠭ᠃ ᠬᠥᠮᠥᠰ ᠠᠮᠠᠷᠬᠠᠨ ᠰᠡᠳᠬᠢᠯ ᠬᠥᠳᠡᠯᠵᠦ᠂ ᠵᠢᠷᠦᠬᠡ ᠨᠢ ᠶᠠᠭ ᠯᠠ ᠨᠢᠭᠡᠨ ᠬᠤᠷᠳᠤᠨ ᠡᠷᠭᠢᠯᠳᠦᠵᠦ | ᠪᠠᠶᠢᠭ᠎ᠠ ᠪᠢᠴᠢᠬᠠᠨ ᠮᠣᠲ᠋ᠣᠷ ᠰᠢᠭ᠋ ᠪᠠᠶᠢᠳᠠᠭ᠃ ᠭᠡᠪᠡᠴᠦ ᠡᠨᠡ ᠨᠢ ᠪᠠᠰᠠ ᠵᠢᠷᠦᠬᠡᠨ ᠤ ᠠᠰᠠᠭᠤᠳᠠᠯ ᠢ ᠡᠭᠦᠰᠬᠡᠵᠦ ᠮᠡᠳᠡᠨ᠎ᠡ᠃ᠡᠶᠢᠮᠦ ᠠᠴᠠ ᠡᠨᠡ ᠬᠤᠭᠤᠴᠠᠭᠠᠨ ᠳᠤ | ᠪᠢᠳᠡ ᠰᠢᠷᠦᠭᠦᠨ ᠬᠥᠳᠡᠯᠭᠡᠭᠡᠨ ᠪᠠ ᠤᠷᠮ᠎ᠠ ᠰᠡᠳᠬᠢᠯᠭᠡ ᠶᠢᠨ ᠲᠣᠭᠲᠠᠪᠤᠷᠢ ᠦᠭᠡᠢ ᠪᠠᠶᠢᠳᠠᠯ ᠠᠴᠠ ᠵᠠᠶᠢᠯᠠᠰᠬᠢᠬᠦ ᠬᠡᠷᠡᠭᠲᠡᠢ᠃ ᠵᠢᠷᠦᠬᠡᠨ ᠤ ᠪᠠᠶᠢᠳᠠᠯ ᠮᠠᠭᠤ ᠬᠥᠮᠥᠰ | ᠣᠨᠴᠠᠭᠠᠶᠢᠯᠠᠨ ᠠᠩᠬᠠᠷᠬᠤ ᠴᠢᠬᠤᠯᠠᠲᠠᠢ᠂ ᠦᠳᠡ ᠶᠢᠨ ᠬᠤᠭᠤᠯᠠ ᠶᠢ ᠬᠡᠲᠦᠷᠡᠲᠡᠯ᠎ᠡ ᠢᠳᠡᠵᠦ ᠪᠣᠯᠬᠤ ᠦᠭᠡᠢ᠂ ᠬᠤᠭᠤᠯᠠᠨ ᠤ ᠳᠠᠷᠠᠭ᠎ᠠ ᠲᠦᠷ ᠠᠯᠬᠤᠯᠠᠵᠤ᠂ | ᠦᠳᠡ ᠳᠤ ᠬᠠᠭᠠᠰ ᠴᠠᠭ ᠤᠨᠲᠠᠵᠤ᠂ ᠵᠢᠷᠦᠬᠡ ᠪᠠᠨ ᠠᠮᠠᠷᠠᠭᠤᠯᠤᠨ᠎ᠠ᠃ | 3. ᠦᠳᠡ ᠶᠢᠨ ᠬᠤᠶᠢᠨ᠎ᠠ᠄ 2 ~ 4 ᠴᠠᠭ | ᠦᠳᠡ ᠶᠢᠨ ᠬᠤᠶᠢᠨ᠎ᠠ᠂ ᠠᠵᠢᠯ ᠤᠨ ᠳᠠᠷᠤᠭᠠᠰᠤ ᠶᠢᠨ ᠨᠡᠮᠡᠭᠳᠡᠬᠦ ᠶᠢ ᠳᠠᠭᠠᠯᠳᠤᠨ᠂ ᠪᠡᠶ᠎ᠡ ᠰᠡᠳᠬᠢᠯ ᠠᠭᠠᠵᠢᠮ ᠢᠶᠠᠷ ᠶᠠᠳᠠᠷᠠᠬᠤ ᠶᠢᠨ ᠳᠡᠭᠡᠷ᠎ᠡ ᠦᠳᠡ ᠶᠢᠨ | ᠬᠤᠭᠤᠯᠠᠨ ᠤ ᠳᠠᠷᠠᠭ᠎ᠠ ᠰᠢᠩᠭᠡᠭᠡᠯᠲᠡ ᠶᠢᠨ ᠰᠢᠰᠲ᠋ᠧᠮ ᠨᠡᠩ ᠠᠷᠪᠢᠨ ᠴᠢᠰᠤ ᠬᠡᠷᠡᠭᠰᠡᠵᠦ᠂ ᠵᠢᠷᠦᠬᠡᠨ ᠤ ᠴᠢᠰᠤᠨ ᠤ ᠬᠠᠩᠭᠠᠯᠲᠠ ᠬᠠᠷᠢᠴᠠᠩᠭᠤᠢ ᠪᠠᠷ ᠪᠠᠭᠠᠰᠤᠨ᠎ᠠ᠂ ᠡᠨᠡ | ᠦᠶ᠎ᠡ ᠳᠤ ᠵᠢᠷᠦᠬᠡ ᠨᠡᠩ ᠠᠮᠠᠷᠬᠠᠨ ᠶᠠᠳᠠᠷᠠᠨ᠎ᠠ᠃ ᠢᠯᠠᠩᠭᠤᠶ᠎ᠠ ᠤᠷᠲᠤ ᠬᠤᠭᠤᠴᠠᠭ᠎ᠠ ᠪᠠᠷ ᠠᠯᠪᠠᠨ ᠭᠡᠷ ᠲᠤ ᠰᠠᠭᠤᠵᠤ᠂ ᠬᠥᠳᠡᠯᠭᠡᠭᠡᠨ ᠳᠤᠲᠠᠮᠠᠭ ᠬᠥᠮᠥᠰ ᠤᠨ | ᠴᠢᠰᠤᠨ ᠤ ᠡᠷᠭᠢᠯᠲᠡ ᠮᠠᠭᠤᠳᠠᠵᠤ᠂ ᠵᠢᠷᠦᠬᠡᠨ ᠤ ᠳᠠᠷᠤᠭᠠᠰᠤ ᠤᠯᠠᠮ ᠬᠦᠨᠳᠦᠷᠡᠨ᠎ᠡ᠃ | ᠡᠶᠢᠮᠦ ᠠᠴᠠ ᠠᠵᠢᠯ ᠤᠨ ᠵᠠᠪᠰᠠᠷ ᠲᠤ ᠪᠣᠰᠴᠤ ᠬᠥᠳᠡᠯᠭᠡᠭᠡᠨ ᠬᠢᠬᠦ ᠪᠠᠨ ᠴᠡᠭᠡᠵᠢᠯᠡᠵᠦ ᠤᠳᠠᠭᠠᠨ ᠰᠠᠭᠤᠬᠤ ᠠᠴᠠ ᠬᠢᠴᠢᠶᠡᠬᠦ ᠬᠡᠷᠡᠭᠲᠡᠢ᠃ ᠣᠷᠣᠢ ᠶᠢᠨ | ᠬᠤᠭᠤᠯᠠ ᠶᠢ ᠴᠤ ᠬᠡᠲᠦᠷᠡᠲᠡᠯ᠎ᠡ ᠢᠳᠡᠵᠦ ᠪᠣᠯᠬᠤ ᠦᠭᠡᠢ᠃ | ᠡᠳᠡᠭᠡᠷ 8 ᠳᠠᠳᠬᠠᠯ ᠨᠢ ᠰᠠᠨᠠᠮᠰᠠᠷ ᠦᠭᠡᠢ ᠪᠠᠷ ᠵᠢᠷᠦᠬᠡ ᠶᠢ ᠭᠡᠮᠲᠦᠭᠡᠳᠡᠭ | 1. ᠲᠠᠮᠠᠬᠢ ᠲᠠᠲᠠᠬᠤ | 2. ᠤᠳᠠᠭᠠᠨ ᠰᠠᠭᠤᠬᠤ | 3. ᠳᠠᠪᠤᠰᠤ ᠰᠢᠬᠢᠷ ᠶᠡᠬᠡᠲᠡᠢ ᠢᠳᠡᠭᠡᠨ ᠤᠮᠳᠠᠭᠠᠨ ᠢᠳᠡᠬᠦ | 4. ᠠᠷᠢᠬᠢ ᠤᠤᠭᠤᠬᠤ | 5. ᠨᠣᠶᠢᠷ ᠵᠢᠮ᠎ᠡ ᠶᠣᠰᠣ ᠦᠭᠡᠢ | 6. ᠴᠢᠰᠤᠨ ᠳᠠᠷᠤᠯᠲᠠ᠂ ᠴᠢᠰᠤᠨ ᠤ ᠥᠭᠡᠬᠦ᠂ ᠴᠢᠰᠤᠨ ᠰᠢᠬᠢᠷ ᠦᠨᠳᠦᠷ ᠪᠠᠶᠢᠲᠠᠯ᠎ᠠ ᠪᠠᠨ ᠬᠠᠮᠢᠶᠠᠷᠬᠤ ᠦᠭᠡᠢ | 7. ᠮᠠᠷᠢᠶᠠᠯᠠᠬᠤ | 8. ᠤᠴᠢᠷ ᠶᠠᠪᠤᠳᠠᠯ ᠲᠣᠬᠢᠶᠠᠯᠳᠤᠪᠠᠯ ᠳᠠᠩᠳᠠ ᠠᠭᠤᠷᠯᠠᠬᠤ | |