ᠰᠢᠨᠬᠤᠸᠠ ᠬᠤᠷᠢᠶᠠᠨ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ 24 ᠤ ᠡᠳᠦᠷ ᠤᠨ ᠴᠠᠭᠢᠯᠭᠠᠨ ᠮᠡᠳᠡᠭᠡ 4 ᠳ᠋ᠦ᠋ᠭᠡᠷ ᠰᠠᠷ᠎ᠠ ᠶᠢᠨ 24 ᠤ ᠡᠳᠦᠷ ᠪᠦᠭᠦ | ᠤᠯᠤᠰ ᠤᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠨᠠᠷ ᠤᠨ ᠬᠤᠷᠠᠯᠳᠤᠭᠠᠨ ᠪᠡᠭᠡᠵᠢᠩ ᠳᠤ ᠬᠤᠷᠠᠯᠳᠤᠪᠠ᠃ ᠨᠠᠮ ᠤᠨ | ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠬᠢᠯᠡᠭᠴᠢ ᠼᠠᠢ ᠴᠢ ᠬᠤᠷᠠᠯ ᠳᠤ | ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ | | | | | | 4 ᠳ᠋ᠦ᠋ᠭᠡᠷ ᠰᠠᠷ᠎ᠠ ᠶᠢᠨ 24 ᠤ ᠡᠳᠦᠷ᠂ ᠪᠦᠭᠦ ᠤᠯᠤᠰ ᠤᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠨᠠᠷ ᠤᠨ | ᠬᠤᠷᠠᠯᠳᠤᠭᠠᠨ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ | ᠲᠢᠩᠬᠢᠮ ᠤᠨ ᠡᠷᠬᠢᠯᠡᠭᠴᠢ ᠼᠠᠢ ᠴᠢ ᠬᠤᠷᠠᠯᠳᠤᠭᠠᠨ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠢᠨ ᠪᠦᠸᠧ ᠭᠦ᠋ | ᠰᠡᠭᠦᠳᠡᠷᠯᠡᠪᠡ | | ᠬᠤᠷᠠᠯᠳᠤᠭᠠᠨ ᠢᠶᠠᠷ ᠴᠢᠬᠤᠯᠠᠴᠢᠯᠠᠬᠤ ᠳᠤ ᠪᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ | ᠰᠢ ᠶᠢᠨ ᠫᠢᠩ ᠤᠨ ᠠᠯᠪᠠᠨ ᠲᠢᠩᠬᠢᠮ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢᠨ ᠬᠤᠰᠢᠭᠤᠴᠢ ᠪᠣᠯᠬᠤ | ᠬᠡᠷᠡᠭᠲᠡᠢ᠃ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ | ᠥᠷᠨᠢᠭᠦᠯᠵᠦ᠂ ᠲᠥᠪ ᠤᠨ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠲᠦᠷᠦᠭᠦᠯᠡᠨ ᠨᠠᠶᠢᠳᠠᠪᠤᠷᠢᠵᠢᠭᠤᠯᠵᠤ᠂ | ᠬᠡᠯᠪᠡᠷᠢᠴᠢ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ᠃ ᠡᠯ᠎ᠡ ᠱᠠᠲᠤᠨ ᠤ ᠠᠯᠪᠠᠨ ᠲᠢᠩᠬᠢᠮ | ︽ᠲᠠᠪᠤ ᠶᠢ ᠪᠠᠷᠢᠮᠲᠠᠯᠠᠬᠤ︾ ᠶᠢ ᠭᠦᠨᠵᠡᠭᠡᠢ ᠦᠢᠯᠡᠳᠦᠯᠭᠡᠵᠢᠭᠦᠯᠵᠦ᠂ ᠲᠣᠰ ᠪᠡᠶ᠎ᠡ ᠶᠢᠨ ᠪᠠᠶᠢᠭᠤᠯᠤᠯᠲᠠ ᠪᠠᠨ ᠲᠦᠷᠦᠭᠦᠯᠡᠨ ᠴᠢᠩᠭᠠᠳᠬᠠᠵᠤ᠂ ᠠᠯᠪᠠᠨ ᠲᠢᠩᠬᠢᠮ ᠤᠨ | ᠤᠯᠤᠰ ᠲᠥᠷᠥ ᠶᠢᠨ ᠴᠢᠳᠠᠪᠤᠷᠢ᠂ ᠲᠤᠬᠠᠶᠢᠯᠠᠭᠰᠠᠨ ᠠᠵᠢᠯ ᠤᠨ ᠬᠡᠪ ᠴᠢᠨᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠭᠤᠷᠪᠠ ᠳᠤ ᠦᠢᠯᠡᠴᠢᠯᠡᠬᠦ︾ | ᠠᠵᠢᠯ ᠤᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠨᠠᠮ ᠢᠶᠠᠨ ᠰᠠᠨᠠᠭ᠎ᠠ ᠠᠮᠤᠷ᠂ ᠠᠷᠠᠳ ᠲᠦᠮᠡᠨ ᠢᠶᠠᠨ ᠰᠡᠳᠬᠢᠯ ᠬᠠᠨᠤᠮᠵᠢᠲᠠᠶ ᠪᠠᠶᠢᠯᠭᠠᠬᠤ ᠵᠢᠱᠢᠶᠡᠴᠢ | ᠪᠠᠶᠢᠭᠤᠯᠭ᠎ᠠ ᠶᠢ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ | ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠥᠬᠦ ᠲᠠᠯ᠎ᠠ ᠪᠠᠷ ᠠᠬᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ᠃ ᠨᠠᠮ ᠤᠨ | ᠬᠤᠷᠢᠶ᠎ᠠ ᠪᠣᠯᠣᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ᠂ ᠠᠯᠪᠠᠨ ᠲᠢᠩᠬᠢᠮ ᠤᠨ ᠡᠷᠬᠢᠯᠡᠭᠴᠢ ᠨᠠᠷ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ | ᠴᠠᠭᠠᠷᠠᠭᠰᠠᠨ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂ ᠰᠠᠶᠢᠨ ᠵᠥᠪᠯᠡᠭᠴᠢ ᠲᠤᠰᠠᠯᠠᠭᠴᠢ ᠪᠣᠯᠬᠤ ᠬᠡᠷᠡᠭᠲᠡᠢ ᠭᠡᠵᠡᠢ᠃ | ᠲᠥᠷᠥ ᠶᠢᠨ ᠶᠠᠪᠤᠳᠠᠯ ᠤᠨ ᠬᠤᠷᠢᠶᠠᠨ ᠤ ᠭᠡᠰᠢᠭᠦᠨ ᠪᠥᠭᠡᠳ ᠲᠥᠷᠥ ᠶᠢᠨ ᠶᠠᠪᠤᠳᠠᠯ ᠤᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠦ᠋ ᠵᠧᠩ ᠯᠦᠩ | ᠳ᠋ᠦᠩᠨᠡᠯᠲᠡ ᠶᠢᠨ ᠶᠠᠷᠢᠶ᠎ᠠ ᠲᠠᠯᠪᠢᠪᠠ᠃ | | |