ᠰᠢᠨ᠎ᠡ ᠪᠠᠷᠭᠤ ᠵᠡᠭᠦᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ︽ᠬᠠᠷᠢᠭᠤᠴᠠᠯᠭ᠎ᠠ ᠡᠭᠦᠷᠭᠡᠯᠡᠬᠦ ᠦᠭᠡᠢ᠂ ᠬᠠᠷᠢᠭᠤᠴᠠᠯᠭᠠᠲᠤ ᠰᠡᠳᠬᠢᠯ ᠦᠭᠡᠢ᠂ ᠠᠵᠢᠯ ᠬᠢᠬᠦ ᠦᠭᠡᠢ︾ ᠠᠰᠠᠭᠤᠳᠠᠯ ᠤᠨ ᠲᠤᠰᠬᠠᠢ ᠵᠠᠰᠠᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/27
          ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠺᠠᠳ᠋ᠷ ᠤᠨ ᠡᠩᠨᠡᠭᠡ ᠶᠢᠨ ᠰᠤᠷᠲᠠᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂4 ᠰᠠᠷ᠎ᠠ ᠶᠢᠨ 26᠎ ᠤ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ︽ᠬᠠᠷᠢᠭᠤᠴᠠᠯᠭ᠎ᠠ ᠡᠭᠦᠷᠭᠡᠯᠡᠬᠦ ᠦᠭᠡᠢ᠂ ᠬᠠᠷᠢᠭᠤᠴᠠᠯᠭᠠᠲᠤ ᠰᠡᠳᠬᠢᠯ ᠦᠭᠡᠢ᠂ ᠠᠵᠢᠯ ᠬᠢᠬᠦ ᠦᠭᠡᠢ︾ ᠠᠰᠠᠭᠤᠳᠠᠯ ᠤᠨ ᠲᠤᠰᠬᠠᠢ ᠵᠠᠰᠠᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠰᠢᠨ᠎ᠡ ᠪᠠᠷᠭᠤ ᠵᠡᠭᠦᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ᠂ ᠪᠥᠬᠦ ᠺᠠᠳ᠋ᠷ ᠠᠵᠢᠯᠲᠠᠨ ᠠᠵᠢᠯᠴᠢᠨ ᠬᠤᠷᠠᠯ ᠳᠤ ᠣᠷᠣᠯᠴᠠᠵᠠᠢ᠃
20250427-1-1.jpg
          ᠬᠤᠷᠠᠯ ᠳᠡᠭᠡᠷ᠎ᠡ᠂ ᠳᠡᠭᠡᠳᠦ ᠱᠠᠲᠤᠨ ᠤ ︽ᠬᠠᠷᠢᠭᠤᠴᠠᠯᠭ᠎ᠠ ᠡᠭᠦᠷᠭᠡᠯᠡᠬᠦ ᠦᠭᠡᠢ᠂ ᠬᠠᠷᠢᠭᠤᠴᠠᠯᠭᠠᠲᠤ ᠰᠡᠳᠬᠢᠯ ᠦᠭᠡᠢ᠂ ᠠᠵᠢᠯ ᠬᠢᠬᠦ ᠦᠭᠡᠢ︾ ᠠᠰᠠᠭᠤᠳᠠᠯ ᠤᠨ ᠲᠤᠰᠬᠠᠢ ᠵᠠᠰᠠᠯᠲᠠ ᠶᠢ ᠥᠷᠨᠢᠭᠦᠯᠬᠦ ᠲᠤᠬᠠᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠬᠤᠷᠠᠯ ᠠᠴᠠ ᠲᠣᠳᠣᠷᠬᠠᠢ ᠵᠢᠭᠠᠵᠤ ᠭᠠᠷᠭᠠᠭᠰᠠᠨ ᠨᠢ᠂ ᠡᠨᠡ ᠤᠳᠠᠭ᠎ᠠ ᠶᠢᠨ ᠵᠠᠰᠠᠯᠲᠠ ᠶᠢ ᠥᠷᠨᠢᠭᠦᠯᠬᠦ ᠪᠣᠯ ᠰᠤᠷᠲᠠᠯ ᠤᠨ ᠪᠠᠶᠢᠭᠤᠯᠤᠯᠲᠠ ᠶᠢᠨ ᠤᠷᠢᠶᠠᠯᠠᠭ᠎ᠠ ᠶᠢ ᠴᠤᠤᠷᠢᠶᠠᠲᠤᠨ ᠲᠠᠭᠠᠵᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠂ ᠪᠦᠬᠦ ᠺᠠᠳ᠋ᠷᠴᠤᠳ ᠢ ᠦᠵᠡᠯ ᠰᠠᠨᠠᠭᠠᠨ ᠤ ᠲᠠᠯ᠎ᠠ ᠪᠠᠷ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ ᠭᠡᠵᠡᠢ᠃ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠺᠠᠳ᠋ᠷ ᠠᠵᠢᠯᠲᠠᠨ ᠲᠤᠰᠬᠠᠢ ᠵᠠᠰᠠᠯᠲᠠ ᠶᠢᠨ ᠠᠵᠢᠯ ᠢ ᠥᠷᠨᠢᠭᠦᠯᠬᠦ ᠶᠢᠨ ᠴᠢᠬᠤᠯᠠ ᠴᠢᠨᠠᠷ ᠪᠣᠯᠣᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠲᠤᠰ ᠤᠳᠠᠭ᠎ᠠ ᠶᠢᠨ ᠲᠤᠰᠬᠠᠢ ᠵᠠᠰᠠᠯᠲᠠ ᠪᠠᠷ ᠠᠵᠠ ᠲᠣᠬᠢᠶᠠᠯ ᠪᠣᠯᠭᠠᠵᠤ᠂ ᠲᠤᠰ ᠪᠡᠶ᠎ᠡ ᠶᠢᠨ ᠠᠵᠢᠯ ᠤᠨ ᠳᠤᠮᠳᠠ ᠣᠷᠣᠰᠢᠵᠤ ᠪᠠᠶᠢᠭ᠎ᠠ ᠬᠠᠷᠢᠭᠤᠴᠠᠯᠭ᠎ᠠ ᠡᠭᠦᠷᠭᠡᠯᠡᠬᠦ ᠦᠭᠡᠢ᠂ ᠬᠠᠷᠢᠭᠤᠴᠠᠯᠭᠠᠲᠤ ᠰᠡᠳᠬᠢᠯ ᠦᠭᠡᠢ᠂ ᠠᠵᠢᠯ ᠬᠢᠬᠦ ᠦᠭᠡᠢ ᠪᠠᠶᠢᠬᠤ ᠠᠰᠠᠭᠤᠳᠠᠯ ᠢᠶᠠᠨ ᠭᠦᠨᠵᠡᠭᠡᠢ ᠪᠠᠶᠢᠴᠠᠭᠠᠨ ᠳᠡᠯᠭᠡᠬᠦ ᠬᠡᠷᠡᠭᠲᠡᠢ ᠭᠡᠵᠡᠢ᠃          ᠬᠤᠷᠠᠯ ᠠᠴᠠ ᠴᠢᠬᠤᠯᠠᠴᠢᠯᠠᠭᠰᠠᠨ ᠨᠢ᠂ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠬᠤ᠂ ᠤᠯᠠᠨ ᠲᠦᠮᠡᠨ ᠬᠢᠨᠠᠯᠲᠠ ᠲᠠᠯᠪᠢᠬᠤ᠂ ᠵᠣᠬᠢᠶᠠᠨ ᠪᠠᠶᠢᠭᠤᠯᠵᠤ ᠬᠢᠨᠠᠨ ᠪᠠᠶᠢᠴᠠᠭᠠᠬᠤ ᠵᠡᠷᠭᠡ ᠠᠷᠭ᠎ᠠ ᠬᠡᠯᠪᠡᠷᠢ ᠪᠠᠷ ᠠᠰᠠᠭᠤᠳᠠᠯ ᠢ ᠪᠦᠬᠦ ᠲᠠᠯ᠎ᠠ ᠪᠠᠷ ᠪᠠᠶᠢᠴᠠᠭᠠᠵᠤ᠂ ᠠᠰᠠᠭᠤᠳᠠᠯ ᠤᠨ ᠡᠬᠡ ᠲᠠᠩᠰᠠ ᠶᠢ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠣᠯᠣᠨ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠢᠯᠡᠷᠡᠭᠦᠯᠦᠭᠰᠡᠨ ᠠᠰᠠᠭᠤᠳᠠᠯ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠬᠦᠴᠦᠲᠡᠢ ᠳᠣᠬᠢᠶ᠎ᠠ ᠶᠢ ᠪᠤᠢ ᠪᠣᠯᠭᠠᠵᠤ᠂ ᠺᠠᠳ᠋ᠷ ᠠᠵᠢᠯᠲᠠᠨ ᠠᠵᠢᠯᠴᠢᠨ ᠤ ᠠᠵᠢᠯ ᠤᠨ ᠰᠤᠷᠲᠠᠯ ᠢᠶᠠᠨ ᠬᠤᠪᠢᠷᠠᠭᠤᠯᠬᠤ ᠶᠢ ᠠᠬᠢᠭᠤᠯᠵᠤ᠂ ᠬᠠᠷᠢᠭᠤᠴᠠᠯᠭ᠎ᠠ ᠶᠢᠨ ᠤᠬᠠᠮᠰᠠᠷ ᠪᠣᠯᠣᠨ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠴᠢᠩᠭᠠᠳᠬᠠᠬᠤ ᠬᠡᠷᠡᠭᠲᠡᠢ᠃          ᠲᠣᠰ ᠤᠳᠠᠭᠠᠨ ᠤ ᠲᠤᠰᠬᠠᠢ ᠵᠠᠰᠠᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠤᠭᠰᠠᠨ ᠨᠢ ᠰᠢᠨ᠎ᠡ ᠪᠠᠷᠭᠤ ᠵᠡᠭᠦᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ︽ᠬᠠᠷᠢᠭᠤᠴᠠᠯᠭ᠎ᠠ ᠡᠭᠦᠷᠭᠡᠯᠡᠬᠦ ᠦᠭᠡᠢ᠂ ᠬᠠᠷᠢᠭᠤᠴᠠᠯᠭᠠᠲᠤ ᠰᠡᠳᠬᠢᠯ ᠦᠭᠡᠢ᠂ ᠠᠵᠢᠯ ᠬᠢᠬᠦ ᠦᠭᠡᠢ︾ ᠠᠰᠠᠭᠤᠳᠠᠯ ᠤᠨ ᠲᠤᠰᠬᠠᠢ ᠵᠠᠰᠠᠯᠲᠠ ᠶᠢᠨ ᠠᠵᠢᠯ ᠤᠨ ᠴᠢᠭᠯᠡᠯ ᠢ ᠲᠣᠳᠣᠷᠬᠠᠢ ᠵᠢᠭᠠᠨ ᠥᠭᠴᠦ᠂ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠰᠢᠨ᠎ᠡ ᠪᠠᠷᠭᠤ ᠵᠡᠭᠦᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠨᠡᠩ ᠡᠷᠡᠰ ᠪᠠᠲᠤ ᠵᠣᠷᠢᠭ᠂ ᠨᠡᠩ ᠬᠦᠴᠦᠲᠡᠢ ᠠᠷᠭ᠎ᠠ ᠬᠡᠮᠵᠢᠶ᠎ᠡ ᠪᠠᠷ ᠲᠤᠰᠬᠠᠢ ᠵᠠᠰᠠᠯᠲᠠ ᠶᠢᠨ ᠠᠵᠢᠯ ᠢ ᠯᠠᠪᠳᠠᠭᠤᠨ ᠢᠶᠠᠷ ᠠᠬᠢᠭᠤᠯᠵᠤ᠂ ᠺᠠᠳ᠋ᠷ ᠤᠨ ᠡᠩᠨᠡᠭᠡᠨ ᠳᠤ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠰᠤᠷᠲᠠᠯ ᠤᠨ ᠪᠠᠲᠤᠯᠠᠭ᠎ᠠ ᠬᠠᠩᠭᠠᠬᠤ ᠪᠣᠯᠣᠨ᠎ᠠ᠃
20250427-1-2.jpg
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ