ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠩᠨᠡᠭᠡ ᠶᠢᠨ ᠪᠦᠬᠦᠯᠢ ᠴᠣᠭᠴᠠ ᠶᠢᠨ ᠬᠡᠪ | ᠴᠢᠨᠠᠷ ᠪᠠ ᠳᠠᠶᠢᠴᠢᠨ ᠬᠦᠴᠦᠨ ᠢᠶᠠᠨ ᠴᠢᠩᠭᠠᠳᠬᠠᠵᠤ᠂ ᠡᠳᠦᠷ ᠢᠷᠡᠬᠦᠶ᠎ᠡ ᠪᠤᠳᠤᠯᠢᠶᠠᠨᠲᠠᠢ ᠪᠣᠯᠵᠤ ᠪᠠᠶᠢᠭ᠎ᠠ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ | ᠰᠢᠨ᠎ᠡ ᠪᠠᠶᠢᠳᠠᠯ ᠪᠠ ᠭᠡᠨᠡᠳᠲᠡ ᠶᠢᠨ ᠬᠡᠷᠡᠭ ᠲᠤ ᠲᠠᠰᠤᠷᠠᠯᠲᠠ ᠦᠭᠡᠢ ᠵᠣᠬᠢᠴᠠᠬᠤ ᠶᠢᠨ ᠲᠥᠯᠥᠭᠡ᠂ 4 ᠰᠠᠷ᠎ᠠ ᠶᠢᠨ 25 ᠤ ᠡᠳᠦᠷ᠂ ᠰᠢᠨ᠎ᠡ ᠪᠠᠷᠭᠤ ᠵᠡᠭᠦᠨ | ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠢᠯᠤᠭᠤᠳᠬᠤ ᠭᠠᠵᠠᠷ ᠠᠴᠠ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ | ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠠᠮᠤᠭᠤᠯᠠᠩ ᠪᠠᠯᠭᠠᠰᠤ ᠢ ᠵᠣᠬᠢᠶᠠᠨ ᠪᠠᠶᠢᠭᠤᠯᠵᠤ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠪᠣᠳᠠᠲᠤ ᠪᠠᠶᠢᠯᠳᠤᠭᠠᠨ ᠤ ᠰᠣᠷᠢᠯᠲᠠ ᠶᠢ ᠥᠷᠨᠢᠭᠦᠯᠪᠡ᠃ | | | | | ᠰᠣᠷᠢᠯᠲᠠ ᠡᠬᠢᠯᠡᠬᠦ ᠠᠴᠠ ᠡᠮᠦᠨ᠎ᠡ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠭᠡᠰᠢᠭᠦᠳ ᠠᠴᠠ | ᠰᠤᠷᠤᠭᠴᠢᠳ ᠲᠤ ᠭᠠᠯ ᠤᠨᠲᠠᠷᠠᠭᠠᠬᠤ ᠲᠥᠬᠦᠭᠡᠷᠦᠮᠵᠢ ᠶᠢᠨ ᠴᠢᠨᠠᠷ ᠴᠢᠨᠰᠠᠭ᠎ᠠ ᠶᠢᠨ ᠪᠣᠯᠵᠣᠯᠲᠤ ᠲᠤᠭ᠎ᠠ᠂ ᠬᠡᠷᠡᠭᠯᠡᠬᠦ ᠠᠷᠭ᠎ᠠ ᠶᠢ ᠲᠠᠨᠢᠯᠴᠠᠭᠤᠯᠪᠠ᠃ ᠭᠤᠣᠯ ᠠᠩᠭᠢ ᠶᠢᠨ | ᠭᠡᠰᠢᠭᠦᠳ ᠤᠨ ᠨᠠᠷᠢᠨ ᠨᠢᠮᠪᠠᠢ ᠵᠢᠯᠣᠭᠤᠳᠤᠯᠭ᠎ᠠ ᠳᠣᠣᠷ᠎ᠠ᠂ ᠰᠤᠷᠤᠭᠴᠢᠳ ᠬᠤᠶᠢᠨ᠎ᠠ ᠬᠤᠶᠢᠨ᠎ᠠ ᠠᠴᠠ ᠪᠠᠨ ᠭᠠᠷ ᠬᠥᠳᠡᠯᠵᠦ᠂ ᠥᠪᠡᠷ ᠤᠨ ᠪᠡᠶ᠎ᠡ ᠪᠠᠷ ᠢᠶᠠᠨ ᠭᠠᠯ | ᠤᠨᠲᠠᠷᠠᠭᠠᠬᠤ ᠲᠥᠬᠦᠭᠡᠷᠦᠮᠵᠢ ᠶᠢ ᠬᠡᠷᠡᠭᠯᠡᠨ ᠳᠠᠭᠤᠷᠢᠶᠠᠮᠠᠯ ᠰᠣᠷᠢᠯᠲᠠ ᠶᠢ ᠥᠷᠨᠢᠭᠦᠯᠪᠡ᠃ ᠲᠡᠳᠡᠨ ᠢ ᠦᠢᠯᠡᠳᠦᠯᠭᠡ ᠶᠢᠨ ᠳᠤᠮᠳᠠ ᠲᠠᠰᠤᠷᠠᠯᠲᠠ ᠦᠭᠡᠢ ᠬᠠᠶᠢᠨ | ᠰᠦᠪᠡᠭᠴᠢᠯᠡᠵᠦ᠂ ᠲᠣᠬᠢᠷᠠᠭᠤᠯᠤᠯᠲᠠ ᠬᠢᠵᠦ᠂ ᠲᠤᠨᠤᠭ ᠲᠥᠬᠦᠭᠡᠷᠦᠮᠵᠢ ᠶᠢ ᠵᠥᠪ ᠬᠡᠷᠡᠭᠯᠡᠬᠦ ᠠᠷᠭ᠎ᠠ ᠶᠢ ᠠᠯᠬᠤᠮ ᠠᠯᠬᠤᠮ ᠢᠶᠠᠷ ᠡᠵᠡᠮᠰᠢᠭᠦᠯᠵᠦ᠂ ᠦᠨᠳᠦᠰᠦᠨ | ᠱᠠᠲᠤᠨ ᠤ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠳᠤ ᠪᠠᠲᠤ ᠪᠠᠬᠢ ᠰᠠᠭᠤᠷᠢ ᠲᠠᠯᠪᠢᠵᠤ ᠥᠭᠴᠡᠢ᠃ ᠰᠣᠷᠢᠯᠲᠠ ᠶᠢ | ᠪᠣᠳᠠᠲᠤ ᠪᠠᠶᠢᠯᠳᠤᠭᠠᠨ ᠳᠤ ᠣᠶᠢᠷᠠᠲᠤᠭᠤᠯᠬᠤ ᠠᠷᠭ᠎ᠠ ᠮᠠᠶ᠋ᠢᠭ ᠢᠶᠠᠷ ᠬᠢᠵᠦ᠂ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠬᠦ ᠶᠢ ᠳᠠᠭᠤᠷᠢᠶᠠᠨ ᠠᠷᠤ ᠦᠵᠡᠭᠳᠡᠯ | ᠪᠣᠯᠭᠠᠵᠤ᠂ ᠭᠠᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ᠂ ᠭᠠᠯ ᠤᠨᠲᠠᠷᠠᠭᠠᠬᠤ ᠬᠦᠴᠦᠨ ᠢ ᠲᠥᠪᠯᠡᠷᠡᠭᠦᠯᠬᠦ᠂ ᠭᠠᠯ ᠤᠨᠲᠠᠷᠠᠭᠠᠬᠤ ᠠᠵᠢᠯᠯᠠᠭ᠎ᠠ | ᠥᠷᠨᠢᠭᠦᠯᠬᠦ ᠪᠠ ᠭᠠᠯ ᠤᠨ ᠲᠠᠯᠠᠪᠠᠶ ᠶᠢ ᠴᠡᠪᠡᠷᠯᠡᠬᠦ ᠵᠡᠷᠭᠡ ᠲᠥᠷᠥᠯ ᠵᠦᠢᠯ ᠳᠤ ᠴᠢᠭᠯᠡᠯᠲᠡ ᠴᠢᠨᠠᠷᠲᠠᠢ ᠰᠣᠷᠢᠯᠲᠠ ᠬᠢᠪᠡ᠃ | | | | | | ︽ᠭᠤᠣᠯ ᠠᠩᠭᠢ ᠶᠢᠨ ᠨᠥᠬᠦᠳ ᠤᠨ ᠬᠠᠯᠠᠰᠢᠷᠠᠯ ᠦᠭᠡᠢ ᠲᠠᠶᠢᠯᠪᠤᠷᠢᠯᠠᠬᠤ ᠪᠠᠷ ᠳᠡᠮᠵᠢᠨ᠂ ᠪᠢ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ | ᠠᠵᠢᠯ ᠤᠨ ᠲᠤᠬᠠᠢ ᠮᠠᠰᠢ ᠣᠯᠠᠨ ᠪᠣᠳᠠᠲᠤ ᠬᠡᠷᠡᠭᠯᠡᠭᠡᠨ ᠤ ᠮᠡᠳᠡᠯᠭᠡ ᠪᠠ ᠤᠷ᠎ᠠ ᠮᠡᠷᠭᠡᠵᠢᠯ ᠢ ᠰᠤᠷᠴᠤ᠂ ᠬᠤᠶᠢᠰᠢᠳᠠ ᠶᠢᠨ ᠠᠵᠢᠯ ᠳᠤ ᠮᠠᠰᠢ ᠶᠡᠭᠡ ᠬᠠᠪᠰᠤᠷᠤᠯᠭ᠎ᠠ | ᠦᠵᠡᠭᠦᠯᠵᠡᠢ᠂ ᠬᠠᠷᠢᠭᠰᠠᠨ ᠤ ᠳᠠᠷᠠᠭ᠎ᠠ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠨᠠᠩ ᠰᠠᠶᠢᠲᠤᠷ ᠥᠷᠨᠢᠭᠦᠯᠵᠦ᠂ ᠣᠶ ᠰᠢᠭᠤᠢ ᠨᠤᠲᠤᠭ | ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠳᠤ ᠥᠪᠡᠷ ᠤᠨ ᠬᠦᠴᠦᠨ ᠴᠢᠳᠠᠯ ᠢᠶᠠᠨ ᠵᠣᠷᠢᠭᠤᠯᠤᠨ᠎ᠠ︾ ᠭᠡᠵᠦ ᠰᠤᠷᠤᠭᠴᠢᠳ ᠬᠡᠯᠡᠵᠡᠭᠡᠪᠡ᠃ | | | | | | ᠲᠠᠷᠠᠭᠠᠴᠢ ᠶᠢᠨ ᠠᠯᠬᠤᠮ ᠳᠤ᠂ ᠰᠢᠨ᠎ᠡ ᠪᠠᠷᠭᠤ ᠵᠡᠭᠦᠨ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ | ᠵᠢᠯᠤᠭᠤᠳᠬᠤ ᠭᠠᠵᠠᠷ ᠲᠣᠰ ᠤᠳᠠᠭᠠᠨ ᠤ ᠰᠣᠷᠢᠯᠲᠠ ᠪᠠᠷ ᠠᠵᠠ ᠲᠣᠬᠢᠶᠠᠯ ᠪᠣᠯᠭᠠᠵᠤ᠂ ᠲᠤᠷᠰᠢᠯᠭ᠎ᠠ ᠪᠠᠨ ᠳ᠋ᠦᠩᠨᠡᠨ᠂ ᠳᠤᠲᠠᠭᠤᠳᠠᠯ ᠪᠠ ᠬᠦᠷᠦᠯᠴᠡᠬᠦ ᠦᠭᠡᠢ | ᠲᠠᠯ᠎ᠠ ᠪᠠᠨ ᠲᠠᠰᠤᠷᠠᠯᠲᠠ ᠦᠭᠡᠢ ᠡᠷᠢᠵᠦ᠂ ᠣᠶ ᠰᠢᠭᠤᠢ ᠶᠢᠨ ᠭᠠᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠡᠯ᠎ᠡ ᠲᠥᠷᠥᠯ ᠤᠨ ᠭᠠᠢ ᠭᠠᠮᠰᠢᠭ ᠤᠨ ᠠᠳᠡᠯ ᠢ ᠪᠥᠬᠦ ᠬᠦᠴᠦᠨ ᠢᠶᠠᠷ ᠢᠶᠠᠨ ᠠᠷᠭᠠᠴᠠᠨ ᠰᠢᠢᠳᠪᠦᠷᠢᠯᠡᠵᠦ᠂ ᠣᠶ ᠰᠢᠭᠤᠢ ᠨᠤᠲᠤᠭ ᠪᠡᠯᠴᠢᠭᠡᠷ ᠤᠨ | ᠡᠬᠢ ᠪᠠᠶᠠᠯᠢᠭ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠨ᠎ᠠ᠃ | | | | |