ᠰᠢᠨ᠎ᠡ ᠪᠠᠷᠭᠤ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠪᠠᠴᠢᠮ ᠪᠠᠶᠢᠳᠠᠯ ᠢ ᠠᠷᠭᠠᠴᠠᠬᠤ ᠵᠢᠵᠢᠭᠦᠷ ᠤᠨ ᠬᠠᠮᠠᠭᠠᠯᠠᠯᠲᠠ ᠪᠠᠨ ᠲᠠᠰᠤᠷᠠᠯᠲᠠ ᠦᠭᠡᠢ ᠴᠢᠩᠭᠠᠳᠬᠠᠵᠤ ᠠᠮᠤᠷ ᠲᠦᠪᠰᠢᠨ ᠤ ᠪᠠᠲᠤᠯᠠᠭ᠎ᠠ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤᠳᠬᠠᠨ᠎ᠠ
ᠨᠡᠶᠢᠲᠡᠯᠡᠭᠰᠡᠨ ᠴᠠᠭ᠄
2025/4/27
          ᠬᠠᠪᠤᠷ ᠤᠨ ᠤᠯᠠᠷᠢᠯ ᠳᠤ ᠣᠷᠣᠭᠰᠠᠨ ᠠᠴᠠ ᠨᠠᠰᠢ ᠰᠢᠨ᠎ᠡ ᠪᠠᠷᠭᠤ ᠵᠡᠭᠦᠨ ᠬᠤᠰᠢᠭᠤ ᠣᠨᠴᠠ ᠲᠣᠭᠲᠠᠭᠰᠠᠨ ᠪᠠᠶᠠᠷ ᠤᠨ ᠡᠳᠦᠷ᠂ ᠭᠤᠣᠯᠳᠠᠯᠭ᠎ᠠ ᠲᠠᠢ ᠣᠷᠣᠨ ᠪᠦᠰᠡ᠂ ᠠᠭᠤᠷ ᠠᠮᠢᠰᠬᠤᠯ ᠤᠨ ᠣᠨᠴᠠᠯᠢᠭ ᠢ ᠠᠩᠬᠠᠷᠴᠤ᠂ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠵᠢᠵᠢᠭᠦᠷᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠠᠯ ᠰᠡᠷᠭᠡᠶᠢᠯᠡᠬᠦ ᠬᠤᠭᠤᠴᠠᠭᠠᠨ ᠳᠤ᠂ ᠭᠠᠯ ᠰᠡᠷᠭᠡᠶᠢᠯᠡᠬᠦ ᠵᠢᠵᠢᠭᠦᠷᠯᠡᠬᠦ᠂ ᠪᠠᠴᠢᠮ ᠪᠠᠶᠢᠳᠠᠯ ᠢ ᠠᠷᠭᠠᠴᠠᠬᠤ ᠶᠢᠨ ᠵᠢᠯᠣᠭᠤᠳᠤᠨ ᠲᠣᠬᠢᠷᠠᠭᠤᠯᠬᠤ ᠵᠢᠵᠢᠭᠦᠷᠯᠡᠬᠦ᠂ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠡᠩᠨᠡᠭᠡ ᠶᠢᠨ ᠪᠡᠯᠡᠳᠬᠡᠯ ᠵᠢᠵᠢᠭᠦᠷᠯᠡᠬᠦ ︽ᠭᠤᠷᠪᠠᠨ ᠳᠡᠰ︾᠎ ᠤᠨ ᠵᠢᠵᠢᠭᠦᠷᠯᠡᠬᠦ ᠵᠠᠭᠪᠤᠷ ᠢ ᠰᠢᠨ᠎ᠡ ᠪᠠᠷ ᠨᠡᠮᠡᠨ ᠪᠠᠶᠢᠭᠤᠯᠵᠤ᠂ ︽ᠬᠤᠰᠢᠭᠤᠨ ᠤ ᠲᠠᠰ ᠤᠨ ᠤᠳᠤᠷᠢᠳᠤᠯᠭ᠎ᠠ ᠵᠢᠵᠢᠭᠦᠷᠯᠡᠬᠦ + ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠶᠢᠨ ᠤᠳᠤᠷᠢᠳᠤᠯᠭ᠎ᠠ ᠵᠢᠵᠢᠭᠦᠷᠯᠡᠬᠦ + ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠡᠩᠨᠡᠭᠡ ᠶᠢᠨ ᠪᠡᠯᠡᠳᠬᠡᠯ ᠵᠢᠵᠢᠭᠦᠷᠯᠡᠬᠦ︾ ᠵᠢᠵᠢᠭᠦᠷᠯᠡᠬᠦ ᠬᠡᠯᠪᠡᠷᠢ ᠶᠢ ᠠᠩᠬ᠎ᠠ ᠠᠯᠬᠤᠮ ᠪᠣᠶ ᠪᠣᠯᠭᠠᠵᠤ᠂ ︽ᠨᠢᠭᠡ ᠠᠩᠭᠢ ᠶᠢ ᠣᠯᠠᠨ ᠲᠠᠯ᠎ᠠ ᠪᠠᠷ ᠬᠡᠷᠡᠭᠯᠡᠬᠦ︾᠎ ᠶᠢ ᠦᠨᠡᠨᠬᠦ ᠪᠡᠶᠡᠯᠡᠭᠦᠯᠪᠡ᠃ ᠵᠢᠵᠢᠭᠦᠷᠯᠡᠭᠴᠢ ᠴᠢᠮᠡᠭᠡ ᠬᠤᠯᠪᠣᠭ᠎ᠠ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠭᠠᠯ ᠰᠡᠷᠭᠡᠶᠢᠯᠡᠬᠦ ᠪᠠᠭᠠᠵᠢ ᠬᠡᠷᠡᠭᠰᠡᠯ ᠢ ᠴᠠᠭ ᠲᠤᠬᠠᠢ ᠳᠤᠨᠢ ᠪᠡᠯᠡᠳᠬᠡᠨ ᠪᠣᠳᠠᠲᠠᠶᠢᠵᠢᠭᠤᠯᠵᠤ᠂ ᠭᠠᠯ ᠰᠡᠷᠭᠡᠶᠢᠯᠡᠬᠦ ᠵᠢᠵᠢᠭᠦᠷ ᠤᠨ ᠲᠡᠮᠳᠡᠭᠯᠡᠯ ᠢ ᠬᠢᠨᠠᠮᠠᠭᠠᠢ ᠰᠠᠶᠢᠲᠤᠷ ᠬᠢᠵᠦ᠂ ᠬᠠᠷᠢᠶᠠᠲᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠤᠨᠲᠠᠷᠠᠭᠠᠭᠰᠠᠨ ᠪᠠᠶᠢᠳᠠᠯ ᠢᠶᠠᠨ ᠴᠠᠭ ᠲᠤᠬᠠᠢ ᠳᠤᠨᠢ ᠬᠠᠷᠢᠭᠤ ᠮᠡᠳᠡᠭᠦᠯᠵᠦ᠂ ᠭᠠᠯ ᠤᠨ ᠪᠠᠶᠢᠳᠠᠯ ᠢ ᠮᠡᠳᠡᠭᠦᠯᠦᠨ ᠬᠦᠷᠭᠡᠬᠦ᠂ ᠡᠳ᠋ ᠪᠣᠳᠠᠰ ᠨᠥᠭᠡᠴᠡᠯᠡᠬᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠵᠡᠷᠭᠡ ᠡᠯ᠎ᠡ ᠲᠥᠷᠥᠯ ᠤᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠬᠠᠮᠲᠤᠪᠠᠷ ᠡᠳ᠋ᠯᠡᠬᠦ ᠶᠢ ᠪᠠᠲᠤᠯᠠᠵᠤ᠂ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠵᠡᠢ᠃
20250427-3-1.jpg
          ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠤᠯᠤᠰ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠤᠨ ᠲᠣᠬᠢᠷᠠᠭᠤᠯᠬᠤ ᠰᠢᠰᠲ᠋ᠧᠮ ︵V4 ᠰᠢᠰᠲ᠋ᠧᠮ︶᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠤᠨ ᠲᠣᠬᠢᠷᠠᠭᠤᠯᠬᠤ ᠰᠢᠰᠲ᠋ᠧᠮ ︵ᠰᠢᠶᠣᠣ ᠢᠦᠢ ᠰᠢᠰᠲ᠋ᠧᠮ︶᠂ ᠬᠤᠲᠠ ᠶᠢᠨ ᠣᠶ ᠰᠢᠭᠤᠢ ᠶᠢᠨ ᠰᠡᠷᠭᠡᠶᠢᠯᠡᠯᠲᠡ ᠶᠢᠨ ᠵᠢᠭᠠᠯᠲᠠ ᠲᠤᠭ᠎ᠠ ᠣᠶ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠲᠤᠰᠬᠠᠢ ᠱᠤᠭᠤᠮ ᠤᠨ ᠬᠠᠷᠠᠭᠠᠨ ᠳᠠᠪᠲᠠᠮᠵᠢ ᠶᠢᠨ ᠵᠢᠯᠤᠭᠤᠳᠬᠤ ᠰᠢᠰᠲ᠋ᠧᠮ᠂ ᠬᠤᠰᠢᠭᠤᠨ ᠤ ᠭᠠᠮᠰᠢᠭ ᠢ ᠰᠡᠷᠭᠡᠶᠢᠯᠡᠨ ᠵᠠᠰᠠᠬᠤ ᠲᠤᠰᠬᠠᠢ ᠱᠤᠭᠤᠮ ᠤᠨ ᠬᠠᠷᠠᠭᠠᠨ ᠳᠠᠪᠲᠠᠮᠵᠢ ᠶᠢᠨ ᠵᠢᠯᠤᠭᠤᠳᠬᠤ ᠰᠢᠰᠲ᠋ᠧᠮ ᠵᠡᠷᠭᠡ 4 ᠢᠵᠢ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠤᠨ ᠲᠣᠬᠢᠷᠠᠭᠤᠯᠬᠤ ᠬᠤᠷᠠᠯ ᠤᠨ ᠰᠢᠰᠲ᠋ᠧᠮ ᠢ ᠪᠠᠶᠢᠭᠤᠯᠵᠤ᠂ ᠵᠢᠯᠣᠭᠤᠳᠤᠨ ᠲᠣᠬᠢᠷᠠᠭᠤᠯᠬᠤ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠪᠠ᠃
20250427-3-2.jpg
          ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠪᠣᠯ ᠨᠢᠭᠡ ᠤᠳᠠᠭᠠᠨ ᠤ ᠳᠠᠷᠢ ᠶᠢᠨ ᠣᠲᠤᠭ᠎ᠠ ᠦᠭᠡᠢ ᠳᠠᠶᠢᠨ ᠮᠥᠨ᠂ ᠨᠠᠩ ᠴᠤ ᠬᠥᠬᠡᠮᠳᠦᠭ ᠨᠣᠭᠤᠭᠠᠨ ᠠᠭᠤᠯᠠ ᠤᠰᠤ ᠶᠢ ᠰᠠᠬᠢᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠮᠥᠨ᠃ ᠥᠷᠭᠡᠨ ᠠᠭᠤᠳᠠᠮ ᠤᠢ ᠰᠢᠭᠤᠢ ᠠᠴᠠ ᠬᠦᠪᠡᠭᠡ ᠬᠢᠵᠠᠭᠠᠷ ᠦᠭᠡᠢ ᠲᠠᠯ᠎ᠠ ᠨᠤᠲᠤᠭ ᠬᠦᠷᠲᠡᠯ᠎ᠡ᠂ ᠪᠠᠶᠢᠭᠤᠯᠤᠯᠭ᠎ᠠ ᠶᠢᠨ ᠺᠠᠳ᠋ᠷ ᠠᠴᠠ ᠮᠠᠯᠴᠢᠨ ᠲᠠᠷᠢᠶᠠᠴᠢᠨ ᠤᠯᠠᠨ ᠲᠦᠮᠡᠨ ᠬᠦᠷᠲᠡᠯ᠎ᠡ᠂ ᠰᠢᠨ᠎ᠡ ᠪᠠᠷᠭᠤ ᠵᠡᠭᠦᠨ ᠬᠤᠰᠢᠭᠤ ᠎ ᠨᠢ︽ᠨᠢᠭᠡ ᠬᠥᠯᠭᠡ ᠰᠢᠲᠠᠷ᠎ᠠ︾᠎ ᠶᠢᠨ ᠦᠵᠡᠯ ᠰᠠᠨᠠᠭ᠎ᠠ᠂ ︽ᠨᠢᠭᠡ ᠵᠠᠩᠭᠢᠳᠤᠮᠠᠯ ᠳᠡᠭᠡᠰᠦ︾᠎ ᠶᠢᠨ ᠬᠠᠮᠲᠤᠷᠠᠯ ᠤᠨ ᠬᠦᠴᠦᠨ ᠢᠶᠠᠷ ᠠᠮᠢ ᠠᠬᠤᠢ ᠶᠢᠨ ᠠᠮᠤᠷ ᠲᠦᠪᠰᠢᠨ ᠤ ᠡᠪᠳᠡᠷᠡᠰᠢ ᠦᠭᠡᠢ ᠬᠠᠯᠬᠠᠪᠴᠢ ᠶᠢ ᠴᠣᠭᠴᠠᠯᠠᠵᠤ ᠪᠤᠢ᠃ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠦᠢᠯᠡᠳᠦᠯᠭᠡᠵᠢᠭᠦᠯᠬᠦ ᠪᠣᠳᠠᠲᠠᠢ ᠠᠵᠢᠯᠯᠠᠭ᠎ᠠ ᠪᠣᠯᠭᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠠᠷᠭ᠎ᠠ ᠬᠡᠮᠵᠢᠶ᠎ᠡ ᠪᠣᠯᠤᠭᠰᠠᠨ ᠤ ᠬᠤᠪᠢ ᠳᠤ᠂ ᠪᠥᠬᠦ ᠬᠤᠰᠢᠭᠤᠨ ᠤ ᠠᠷᠠᠳ ᠲᠦᠮᠡᠨ ᠤ ᠬᠠᠮᠲᠤ ᠶᠢᠨ ᠴᠢᠷᠮᠠᠶᠢᠯᠭ᠎ᠠ ᠳᠣᠣᠷ᠎ᠠ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠡᠨᠡᠬᠦ ᠪᠣᠬᠢᠷᠲᠤᠯ ᠦᠭᠡᠢ ᠭᠡᠷ ᠣᠷᠣᠨ ᠨᠢ ᠯᠠᠪᠲᠠᠢ ᠲᠡᠭᠷᠢ ᠨᠢ ᠴᠡᠯᠮᠡᠭ᠂ ᠲᠡᠭᠰᠢ ᠭᠠᠵᠠᠷ ᠨᠢ ᠨᠣᠭᠤᠭᠠᠨ᠂ ᠤᠰᠤ ᠨᠢ ᠲᠤᠩᠭᠠᠯᠠᠭ ᠡᠬᠡ ᠤᠯᠤᠰ ᠤᠨ ᠤᠮᠠᠷᠠᠲᠤ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠰᠢᠯᠢᠳᠡᠭ ᠰᠢᠯᠭᠠᠯᠲᠠ ᠶᠢᠨ ᠬᠠᠭᠤᠳᠠᠰᠤ ᠲᠤᠰᠢᠶᠠᠬᠤ ᠪᠣᠯᠣᠨ᠎ᠠ ᠭᠡᠳᠡᠭ ᠢ ᠪᠢᠳᠡ ᠪᠠᠲᠤ ᠢᠲᠡᠭᠡᠵᠦ ᠪᠠᠶᠢᠨ᠎ᠠ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ