ᠬᠠᠪᠤᠷ ᠤᠨ ᠤᠯᠠᠷᠢᠯ ᠪᠣᠯᠬᠤ ᠶᠢ ᠳᠠᠭᠠᠯᠳᠤᠨ ᠠᠭᠠᠷ ᠤᠨ ᠳᠤᠯᠠᠭᠠᠨ ᠠᠭᠠᠵᠢᠮ ᠢᠶᠠᠷ ᠳᠡᠭᠡᠭᠰᠢᠯᠡᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ | ᠠᠶᠤᠯ ᠤᠨ ᠳᠡᠰ ᠴᠤ ᠳᠠᠭᠠᠯᠳᠤᠨ ᠳᠡᠭᠡᠭᠰᠢᠯᠡᠭᠰᠡᠨ ᠤᠴᠢᠷ ᠠᠴᠠ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠲᠦᠭᠰᠢᠭᠦᠷᠢ ᠶᠢ ᠪᠦᠲᠦᠮᠵᠢᠲᠡᠶ | ᠠᠷᠭᠠᠴᠠᠬᠤ ᠶᠢᠨ ᠲᠥᠯᠥᠭᠡ᠂ ᠰᠢᠨ᠎ᠡ ᠪᠠᠷᠭᠤ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠦᠳᠲᠡᠷ ᠲᠦᠷᠭᠡᠨ ᠬᠥᠳᠡᠯᠦᠯᠴᠡᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠡᠳ᠋ ᠪᠣᠳᠠᠰ ᠢ ᠴᠡᠪᠡᠷᠯᠡᠨ | ᠪᠦᠷᠢᠳᠬᠡᠬᠦ ᠪᠠ ᠰᠢᠨ᠎ᠡ ᠪᠠᠷ ᠨᠡᠮᠡᠭᠳᠡᠭᠦᠯᠬᠦ ᠡᠳ᠋ ᠪᠣᠳᠠᠰ ᠢ ᠨᠥᠭᠡᠴᠡᠯᠡᠬᠦ ᠵᠡᠷᠭᠡ ᠠᠵᠢᠯ ᠢ ᠴᠠᠭ ᠲᠤᠬᠠᠢ ᠳᠤᠨᠢ ᠥᠷᠨᠢᠭᠦᠯᠵᠦ᠂ ᠭᠠᠯ ᠤᠨ ᠪᠠᠶᠢᠳᠠᠯ ᠭᠠᠷᠤᠮᠠᠭᠴᠠ ᠡᠳ᠋ | ᠪᠣᠳᠠᠰ ᠤᠨ ᠬᠠᠩᠭᠠᠯᠭ᠎ᠠ ᠶᠢ ᠳᠠᠭᠠᠵᠤ ᠠᠮᠵᠢᠬᠤ᠂ ᠰᠡᠭᠦᠯᠴᠢ ᠶᠢᠨ ᠬᠤᠭᠤᠴᠠᠭᠠᠨ ᠤ ᠪᠠᠲᠤᠯᠠᠭ᠎ᠠ ᠶᠢᠨ ᠬᠡᠯᠬᠢᠶ᠎ᠡ ᠶᠢ ᠠᠯᠳᠠᠬᠤ ᠦᠭᠡᠢ ᠪᠠᠶᠢᠬᠤ ᠶᠢ ᠪᠠᠲᠤᠯᠠᠵᠤ᠂ ᠡᠬᠡ | ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠰᠠᠭᠤᠷᠢ ᠶᠢ ᠪᠠᠬᠢᠵᠢᠭᠦᠯᠪᠡ᠃ | | | | | | ᠰᠢᠨ᠎ᠡ ᠪᠠᠷᠭᠤ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠭᠠᠯ ᠰᠡᠷᠭᠡᠶᠢᠯᠡᠬᠦ ᠡᠳ᠋ ᠪᠣᠳᠠᠰ ᠤᠨ | ᠨᠥᠭᠡᠴᠡ ᠶᠢᠨ ᠬᠥᠮᠥᠷᠭᠡ ᠳᠤ ᠣᠷᠣᠬᠤ ᠳᠤ᠂ ᠠᠵᠢᠯᠲᠠᠳ ᠲᠤᠨᠤᠭ ᠲᠥᠬᠦᠭᠡᠷᠦᠮᠵᠢ ᠶᠢᠨ ᠲᠦᠷᠦᠯ᠂ ᠬᠤᠪᠴᠠᠰᠤ ᠬᠤᠨᠠᠷ ᠤᠨ ᠲᠦᠷᠦᠯ᠂ ᠲᠥᠪᠬᠢᠨᠡᠭᠦᠯᠬᠦ ᠲᠦᠷᠦᠯ | ᠵᠡᠷᠭᠡ 1600 ᠭᠠᠷᠤᠢ ᠬᠡᠷᠡᠭᠰᠡᠯ᠂ ᠲᠤᠨᠤᠭ ᠲᠥᠬᠦᠭᠡᠷᠦᠮᠵᠢ ᠶᠢ ᠨᠢᠭᠡᠳ ᠨᠢᠭᠡ ᠪᠠᠷ ᠲᠣᠭᠠᠯᠠᠨ ᠪᠦᠷᠢᠳᠬᠡᠵᠦ᠂ ᠡᠳ᠋ ᠪᠣᠳᠠᠰ ᠢ ᠲᠦᠷᠦᠯ ᠵᠦᠢᠯ ᠢᠶᠠᠷ ᠦᠷᠦᠵᠦ | ᠲᠠᠯᠪᠢᠬᠤ᠂ ᠡᠮᠬᠢ ᠳᠢᠭᠯᠢᠮ ᠲᠠᠢ ᠪᠠᠶᠢᠬᠤ᠂ ᠠᠪᠴᠤ ᠬᠡᠷᠡᠭᠯᠡᠬᠦ ᠳᠤ ᠲᠦᠭᠦᠮ ᠪᠠᠶᠢᠬᠤ ᠶᠢ ᠦᠨᠡᠨᠬᠦ ᠪᠠᠲᠤᠯᠠᠵᠤ ᠪᠠᠶᠢᠬᠤ ᠶᠢ ᠣᠯᠵᠤ ᠬᠠᠷᠠᠵᠠᠢ᠃ ᠡᠭᠦᠨ ᠤ ᠬᠠᠮᠲᠤ᠂ | ᠬᠥᠳᠡᠯᠦᠩᠭᠦᠢ ᠬᠠᠮᠢᠶᠠᠷᠤᠯᠲᠠ ᠶᠢᠨ ᠡᠬᠡ ᠲᠠᠩᠰᠠ ᠶᠢ ᠪᠠᠶᠢᠭᠤᠯᠵᠤ᠂ ᠡᠳ᠋ ᠪᠠᠷᠠᠭ᠎ᠠ ᠶᠢ ᠬᠥᠮᠥᠷᠭᠡ ᠳᠤ ᠣᠷᠣᠭᠤᠯᠬᠤ ᠶᠢᠨ ᠬᠥᠳᠡᠯᠦᠩᠭᠦᠢ ᠮᠥᠷᠳᠡᠯᠲᠡ ᠪᠠ ᠲᠡᠮᠳᠡᠭᠯᠡᠯ ᠢ | ᠰᠠᠶᠢᠲᠤᠷ ᠬᠢᠵᠦ᠂ ᠡᠳ᠋ ᠪᠠᠷᠠᠭ᠎ᠠ ᠶᠢᠨ ᠬᠠᠮᠢᠶᠠᠷᠤᠯᠲᠠ ᠶᠢᠨ ᠵᠢᠷᠤᠮᠵᠢᠯᠳᠤ ᠴᠢᠨᠠᠷ ᠪᠠ ᠥᠨᠳᠥᠷ ᠪᠦᠲᠦᠮᠵᠢᠲᠦ ᠴᠢᠨᠠᠷ ᠢ ᠦᠨᠡᠨᠬᠦ ᠪᠠᠲᠤᠯᠠᠵᠠᠢ᠃ | ︽ᠪᠢᠳᠡ ᠭᠠᠷᠠᠭ ᠪᠦᠷᠢ ᠲᠣᠨᠤᠭ ᠲᠥᠬᠦᠭᠡᠷᠦᠮᠵᠢ ᠪᠠᠨ ᠬᠠᠮᠠᠭᠠᠯᠠᠨ ᠠᠷᠠᠴᠢᠯᠠᠵᠤ᠂ ᠰᠠᠷ᠎ᠠ ᠪᠦᠷᠢ ᠲᠣᠭᠲᠠᠭᠰᠠᠨ ᠬᠤᠭᠤᠴᠠᠭ᠎ᠠ ᠲᠠᠢ ᠪᠠᠷ ᠲᠣᠭᠠᠯᠠᠨ | ᠪᠦᠷᠢᠳᠬᠡᠵᠦ᠂ ᠬᠡᠷᠡᠭᠯᠡᠵᠦ ᠪᠣᠯᠬᠤ ᠦᠭᠡᠢ ᠲᠣᠨᠤᠭ ᠲᠥᠬᠦᠭᠡᠷᠦᠮᠵᠢ ᠪᠠᠨ ᠴᠠᠭ ᠲᠤᠬᠠᠢ ᠳᠤᠨᠢ ᠰᠡᠯᠪᠢᠨ ᠵᠠᠰᠠᠬᠤ ᠪᠠ ᠰᠣᠯᠢᠵᠤ᠂ ᠬᠥᠮᠥᠷᠭᠡ ᠳᠤ ᠬᠠᠳᠠᠭᠠᠯᠠᠵᠤ ᠪᠠᠶᠢᠭ᠎ᠠ | ᠲᠣᠨᠤᠭ ᠲᠥᠬᠦᠭᠡᠷᠦᠮᠵᠢ ᠪᠠᠨ ᠵᠠᠩᠭᠢᠯᠠᠭ᠎ᠠ ᠶᠢᠨ ᠦᠶ᠎ᠡ ᠳᠤ ᠠᠪᠴᠤ ᠳᠡᠶᠢᠯᠬᠦ᠂ ᠬᠡᠷᠡᠭᠯᠡᠵᠦ ᠳᠡᠶᠢᠯᠬᠦ᠂ ᠤᠨᠲᠠᠷᠠᠭᠠᠵᠤ ᠳᠡᠶᠢᠯᠬᠦ ᠶᠢ ᠪᠠᠲᠤᠯᠠᠨ᠎ᠠ︾ ᠭᠡᠵᠦ ᠠᠵᠢᠯᠲᠠᠳ | ᠬᠡᠯᠡᠪᠡ᠃ | | | | | | ᠰᠤᠮᠤ ᠪᠠᠯᠭᠠᠰᠤᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠪᠦᠬᠦ ᠲᠠᠯ᠎ᠠ ᠪᠠᠷ | ᠳᠡᠭᠡᠭᠰᠢᠯᠡᠭᠦᠯᠬᠦ ᠶᠢᠨ ᠲᠥᠯᠥᠭᠡ᠂ ᠤᠯᠠᠮ ᠨᠢᠭᠡ ᠠᠯᠬᠤᠮ ᠳᠤᠲᠠᠭᠤᠳᠠᠯ ᠢᠶᠠᠨ ᠨᠥᠬᠦᠪᠦᠷᠢᠯᠡᠵᠦ᠂ ᠬᠦᠴᠦᠷᠬᠡᠭ ᠪᠠᠭᠤᠷᠠᠢ ᠵᠦᠢᠯ ᠢᠶᠠᠨ ᠤᠯᠠᠮ ᠨᠢᠭᠡ ᠠᠯᠬᠤᠮ | ᠨᠥᠬᠦᠪᠦᠷᠢᠯᠡᠵᠦ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠦᠨᠡᠨ ᠬᠦ ᠴᠢᠩᠭᠠᠳᠬᠠᠬᠤ ᠶᠢᠨ ᠲᠥᠯᠥᠭᠡ᠂ 4 ᠰᠠᠷ᠎ᠠ ᠶᠢᠨ 9 ᠤ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ 7 ᠰᠤᠮᠤ ᠪᠠᠯᠭᠠᠰᠤᠨ ᠳᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠡᠷᠭᠡ ᠲᠦᠭᠡᠭᠡᠨ ᠥᠭᠴᠦ᠂ ᠲᠡᠷᠭᠡ ᠪᠦᠷᠢ ᠳᠤ ᠲᠡᠷᠢᠭᠦᠨ ᠤ ᠭᠠᠯ ᠰᠡᠷᠭᠡᠶᠢᠯᠡᠬᠦ | ᠲᠥᠬᠦᠭᠡᠷᠦᠮᠵᠢ ᠶᠢ ᠰᠠᠭᠤᠯᠭᠠᠵᠤ᠂ ᠠᠳᠠᠯᠢ ᠪᠤᠰᠤ ᠪᠠᠶᠢᠳᠠᠯ ᠳᠣᠣᠷᠠᠬᠢ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠡᠷᠡᠭᠴᠡᠭᠡ ᠶᠢ ᠬᠠᠩᠭᠠᠵᠤ᠂ | ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠦᠬᠦᠯᠢ ᠴᠣᠭᠴᠠ ᠶᠢᠨ ᠪᠦᠲᠦᠭᠡᠨ ᠪᠠᠶᠢᠭᠤᠯᠤᠯᠲᠠ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠪᠡ᠃ ᠡᠭᠦᠨ ᠤ ᠬᠠᠮᠲᠤ᠂ ᠰᠢᠨ᠎ᠡ ᠪᠠᠷᠭᠤ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ ᠠᠴᠠ ᠦᠨᠳᠦᠰᠦᠨ ᠱᠠᠲᠤᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠡᠩᠨᠡᠭᠡ ᠳᠤ ᠰᠲ᠋ᠢᠯ ᠤᠨ ᠭᠠᠯ | ᠤᠨᠲᠠᠷᠠᠭᠠᠬᠤ ᠮᠠᠰᠢᠨ᠂ 2 ᠳ᠋ᠤᠭᠠᠷ ᠪᠠᠭᠠᠵᠢ᠂ ᠲᠣᠰᠣᠨ ᠬᠢᠷᠦᠭᠡ᠂ ᠬᠡᠷᠴᠢᠬᠦ ᠮᠠᠰᠢᠨ᠂ ᠬᠤᠪᠢ ᠬᠥᠮᠥᠨ ᠤ ᠬᠠᠮᠠᠭᠠᠯᠠᠯᠲᠠ᠂ ᠥᠪᠡᠷ ᠢ ᠪᠠᠨ ᠠᠪᠤᠷᠠᠬᠤ ᠠᠮᠢᠰᠬᠤᠯ ᠤᠨ | ᠮᠠᠰᠢᠨ ᠵᠡᠷᠭᠡ 800 ᠭᠠᠷᠤᠢ ᠵᠦᠢᠯ ᠤᠨ ᠭᠠᠯ ᠰᠡᠷᠭᠡᠶᠢᠯᠡᠬᠦ ᠲᠣᠨᠤᠭ ᠲᠥᠬᠦᠭᠡᠷᠦᠮᠵᠢ ᠶᠢ ᠲᠣᠬᠢᠷᠠᠭᠤᠯᠤᠨ ᠥᠭᠴᠡᠢ᠃ | | | | | | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠄ ︽ᠣᠶ ᠰᠢᠭᠤᠢ ᠨᠤᠲᠤᠭ | ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠪᠣᠯ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠢ ᠪᠠᠲᠤᠯᠠᠬᠤ ᠴᠢᠬᠤᠯᠠ ᠨᠢᠭᠡ ᠭᠤᠭᠴᠤᠭ᠎ᠠ ᠮᠥᠨ᠃ ᠪᠢᠳᠡ ᠡᠷᠲᠡ ᠠᠴᠠ ᠲᠥᠯᠥᠪᠵᠢᠭᠦᠯᠵᠦ᠂ ᠡᠷᠲᠡ ᠠᠴᠠ ᠪᠡᠯᠡᠳᠬᠡᠵᠦ᠂ ᠣᠶ ᠰᠢᠭᠤᠢ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠡᠳ᠋ ᠪᠣᠳᠠᠰ ᠢ ᠨᠥᠭᠡᠴᠡᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠭᠠᠯ ᠰᠡᠷᠭᠡᠶᠢᠯᠡᠬᠦ ᠡᠳ᠋ | ᠪᠣᠳᠠᠰ ᠢ ᠰᠠᠶᠢᠲᠤᠷ ᠨᠥᠭᠡᠴᠡᠯᠡᠵᠦ᠂ ᠲᠣᠬᠢᠷᠠᠭᠤᠯᠵᠤ᠂ ᠬᠡᠷᠡᠭᠯᠡᠵᠦ ᠳᠡᠶᠢᠯᠬᠦ ᠶᠢ ᠦᠨᠡᠨᠬᠦ ᠪᠠᠲᠤᠯᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠪᠢᠳᠡᠨ ᠤ ᠬᠥᠬᠡᠮᠳᠦᠭ ᠨᠣᠭᠤᠭᠠᠨ ᠠᠭᠤᠯᠠ ᠤᠰᠤ ᠪᠠᠨ ᠦᠨᠡᠨᠬᠦ | ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃︾ᠭᠡᠵᠡᠢ᠃ | |